︽ᠬᠢᠲᠠᠳ ᠤᠨ ᠢᠮᠫᠣᠷᠲ ᠤᠨ ᠡᠺᠰᠫᠣ ︾᠍ ᠳᠦ ᠣᠷᠣᠯᠴᠠᠵᠤ ᠪᠠᠶᠢᠨ᠎ᠠ  | News.MN

 ︽ᠬᠢᠲᠠᠳ ᠤᠨ ᠢᠮᠫᠣᠷᠲ ᠤᠨ ᠡᠺᠰᠫᠣ ︾᠍ ᠳᠦ ᠣᠷᠣᠯᠴᠠᠵᠤ ᠪᠠᠶᠢᠨ᠎ᠠ 

ᠠᠭᠤᠯᠠ ᠠᠭᠤᠷᠬᠠᠢ᠂ ᠬᠦᠨᠳᠦ ᠦᠢᠯᠡᠳᠪᠦᠷᠢ ᠶᠢᠨ ᠶᠠᠮᠤᠨ ᠤ ᠰᠠᠶᠢᠳ ᠳ∙ᠰᠤᠮᠢᠶᠠᠪᠠᠽᠠᠷ ᠲᠡᠷᠢᠭᠦᠲᠡᠢ ᠲᠥᠯᠥᠭᠡᠯᠡᠭᠴᠢᠳ 2019 ᠣᠨ ᠤ 11 ᠳ᠋ᠤᠭᠡᠷ ᠰᠠᠷ᠎ᠠ ᠶᠢᠨ 5-20  ᠳᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠱᠠᠩᠬᠠᠢ ᠬᠤᠲᠠ ᠳᠤ ᠪᠣᠯᠬᠤ ︽ᠬᠢᠲᠠᠳ ᠤᠨ ᠣᠯᠠᠨ ᠤᠯᠤᠰ ᠤᠨ ᠢᠮᠫᠣᠷᠲ ᠤᠨ ᠡᠺᠰᠫᠣ︾᠍ ᠳᠦ ᠣᠷᠣᠯᠴᠠᠵᠤ ᠪᠠᠶᠢᠨ᠎ᠠ᠃
ᠳ∙ᠰᠤᠮᠢᠶᠠᠪᠠᠽᠠᠷ ᠰᠠᠶᠢᠳ 11 ᠳ᠋ᠤᠭᠡᠷ ᠰᠠᠷ᠎ᠠ ᠶᠢᠨ 5 ‍ᠣ ᠡᠳᠦᠷ ᠪᠣᠯᠤᠭᠰᠠᠨ ᠨᠡᠭᠡᠭᠡᠯᠲᠡ ᠶᠢᠨ ᠠᠵᠢᠯᠯᠠᠭᠠᠨ ᠳᠤ ᠣᠷᠣᠯᠴᠠᠵᠤ᠂ ᠮᠠᠨ ᠤ ᠲᠥᠯᠥᠭᠡᠯᠡᠭᠴᠢᠳ ︽ᠬᠤᠩᠴᠢᠶᠤᠤ ᠣᠯᠠᠨ ᠤᠯᠤᠰ ᠤᠨ ᠡᠳ᠋ ᠍ ᠦᠨ ᠵᠠᠰᠠᠭ ᠤᠨ ᠹᠣᠷᠣᠮ︾  ᠤᠨ ᠬᠦᠷᠢᠶᠡᠨ ᠳᠦ ︽ᠨᠡᠭᠡᠭᠡᠯᠲᠡ ᠲᠡᠢ ᠪᠠᠶᠢᠳᠠᠯ ᠪᠠ ᠪᠢᠽᠢᠨᠧᠰ ᠡᠷᠬᠢᠯᠡᠬᠦ ᠣᠷᠴᠢᠨ᠄ ᠵᠠᠰᠠᠭ ᠤᠨ ᠭᠠᠵᠠᠷ ᠤᠨ ᠪᠣᠯᠤᠨ ᠬᠢᠯᠢ ᠳᠠᠮᠨᠠᠭᠰᠠᠨ  ᠺᠤᠷᠫᠤᠷᠠᠼ ᠤᠳ ᠤᠨ ᠡᠭᠦᠷᠭᠡ︾᠂  ︽ᠳᠡᠯᠡᠬᠡᠢ ᠶᠢᠨ ᠬᠤᠳᠠᠯᠳᠤᠭᠠᠨ ᠤ ᠪᠠᠶᠢᠭᠤᠯᠤᠯᠭ᠎ᠠ ᠶᠢᠨ ᠰᠢᠨᠡᠴᠢᠯᠡᠯ ᠪᠠ ᠴᠢᠯᠦᠭᠡᠲᠦ ᠬᠤᠳᠠᠯᠳᠤᠭᠠᠨ ᠤ ᠬᠡᠯᠡᠯᠴᠡᠭᠡᠷ︾ ᠵᠡᠷᠭᠡ ᠰᠠᠯᠪᠤᠷᠢ ᠬᠤᠷᠠᠯᠳᠤᠭᠠᠨ ᠳᠤ ᠤᠷᠤᠯᠴᠠᠪᠠ᠃
ᠮᠣᠩᠭᠣᠯ ᠤᠯᠤᠰ ᠤᠨ ᠫᠠᠸᠢᠯᠢᠶᠣᠨ ᠢ ᠬᠣᠯᠪᠣᠭᠳᠠᠬᠤ ᠶᠠᠮᠤᠨ᠂ ᠪᠠᠶᠢᠭᠤᠯᠤᠯᠭ᠎ᠠ ᠨᠤᠭᠤᠳ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠲᠠᠢ ᠬᠠᠮᠲᠤᠷᠠᠨ ︽ᠭᠤᠷᠪᠠᠨ ᠲᠤᠯᠭᠠᠭᠤᠷᠢᠲᠤ ᠬᠥᠭᠵᠢᠯ ᠦᠨ ᠪᠣᠳᠣᠯᠭ᠎ᠠ︾ ᠶᠢᠨ ᠦᠵᠡᠯ ᠰᠠᠨᠠᠭᠠᠨ ᠤ ᠬᠦᠷᠢᠶᠡᠨ ᠳᠦ ᠪᠡᠯᠡᠳᠬᠡᠨ ︽ᠡᠺᠰᠫᠣ︾ ᠶᠢᠨ ᠦᠶ᠎ᠡ ᠪᠡᠷ ᠭᠠᠷᠭᠠᠵᠤ᠂ ᠡᠺᠰᠫᠣᠷᠲ ᠤᠨ ᠪᠣᠯᠤᠮᠵᠢ᠂ ᠬᠥᠷᠥᠩᠭᠡ ᠣᠷᠣᠭᠤᠯᠤᠯᠲᠠ ᠶᠢᠨ ᠣᠷᠴᠢᠨ ᠢ ᠰᠤᠷᠲᠠᠯᠴᠢᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ