ᠮᠣᠩᠭᠣᠯ᠂ ᠨᠤᠷᠸᠠᠢ ᠶᠢᠨ ᠵᠥᠪᠯᠡᠯᠳᠦᠬᠦ ᠠᠭᠤᠯᠵᠠᠯᠲᠠ ᠬᠢᠬᠦ ᠪᠡᠷ ᠲᠣᠬᠢᠷᠠᠯᠴᠠᠪᠠ  | News.MN

ᠮᠣᠩᠭᠣᠯ᠂ ᠨᠤᠷᠸᠠᠢ ᠶᠢᠨ ᠵᠥᠪᠯᠡᠯᠳᠦᠬᠦ ᠠᠭᠤᠯᠵᠠᠯᠲᠠ ᠬᠢᠬᠦ ᠪᠡᠷ ᠲᠣᠬᠢᠷᠠᠯᠴᠠᠪᠠ 

ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ∙ᠪᠠᠲᠤᠴᠡᠴᠡᠭ ᠨᠤᠷᠸᠠᠢ ᠶᠢᠨ ᠬᠠᠭᠠᠨᠲᠤ ᠤᠯᠤᠰ ᠠᠴᠠ ᠮᠣᠩᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠰᠢᠭᠨᠧ  ᠪᠷᠤᠳ᠋ᠸᠰᠸᠲ ᠢ ᠢᠲᠡᠭᠡᠮᠵᠢᠯᠡᠬᠦ ᠵᠢᠭᠤᠬᠤ ᠪᠢᠴᠢᠭ ᠢᠶᠡᠨ ᠪᠠᠷᠢᠬᠤ ᠲᠠᠢ ᠨᠢ ᠬᠣᠯᠪᠣᠭᠳᠠᠭᠤᠯᠤᠨ ᠬᠦᠯᠢᠶᠡᠨ ᠠᠪᠴᠤ ᠠᠭᠤᠯᠵᠠᠯ᠎ᠠ᠃ ᠲᠡᠳᠡ ᠬᠣᠶᠠᠷ ᠣᠷᠣᠨ ᠤ ᠬᠠᠷᠢᠯᠴᠠᠭ᠎ᠠ ᠶᠢ ᠥᠷᠭᠡᠵᠢᠭᠦᠯᠬᠦ᠂ ᠲᠡᠷᠡ ᠳᠤᠮᠳᠠ ᠪᠠᠨ ᠬᠤᠳᠠᠯᠳᠤᠭ᠎ᠠ᠂ ᠡᠳ᠋ ᠦᠨ ᠵᠠᠰᠠᠭ᠂ ᠬᠥᠳᠡᠭᠡ ᠠᠵᠤ ᠠᠬᠤᠢ ᠶᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠵᠠᠢ᠃
ᠳᠡᠳ᠋ ᠰᠠᠶᠢᠳ ᠪ∙ᠪᠠᠲᠤᠴᠡᠴᠡᠭ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠲᠡᠷᠢᠭᠦᠯᠡᠬᠦ ᠵᠣᠷᠢᠯᠲᠠ ᠶᠢᠨ ᠨᠢᠭᠡ ᠪᠣᠯᠬᠤ ᠡᠳ᠋ ᠦᠨ ᠵᠠᠰᠠᠭ ᠢᠶᠠᠨ ᠲᠥᠷᠦᠯᠵᠢᠭᠦᠯᠬᠦ ᠴᠢᠭᠯᠡᠯ ᠢᠶᠡᠷ ᠨᠤᠷᠸᠠᠢ ᠶᠢᠨ ᠲᠠᠯ᠎ᠠ ᠲᠠᠢ ᠬᠠᠮᠲᠤᠷᠠᠨ ᠠᠵᠢᠯᠯᠠᠬᠤ᠂ ᠪᠠᠶᠠᠯᠢᠭ ᠤᠨ ᠰᠠᠩ ᠤᠨ ᠲᠤᠷᠰᠢᠯᠭ᠎ᠠ ᠠᠴᠠ ᠰᠤᠷᠤᠯᠴᠠᠬᠤ ᠰᠤᠨᠢᠷᠬᠠᠯ ᠢᠶᠠᠨ ᠢᠯᠡᠷᠬᠡᠶᠢᠯᠡᠯ᠎ᠡ᠃ ᠮᠥᠨ ᠮᠣᠩᠭᠣᠯ᠂ ᠨᠤᠷᠸᠠᠢ ᠶᠢᠨ ᠭᠠᠳᠠᠭᠠᠳᠤ ᠶᠠᠮᠤᠨ ᠬᠣᠭᠣᠷᠣᠨᠳᠣ ᠶᠢᠨ ᠤᠯᠤᠰ ᠲᠥᠷᠥ ᠶᠢᠨ ᠵᠥᠪᠯᠡᠯᠳᠦᠬᠦ ᠠᠭᠤᠯᠵᠠᠯᠲᠠ ᠵᠣᠬᠢᠶᠠᠨ ᠪᠠᠶᠢᠭᠤᠯᠬᠤ ᠴᠢᠭᠯᠡᠯ ᠢᠶᠡᠷ ᠬᠠᠮᠲᠤᠷᠠᠵᠤ ᠠᠵᠢᠯᠯᠠᠬᠤ ᠪᠠᠷ ᠲᠣᠬᠢᠷᠠᠯᠴᠠᠪᠠ᠃

ᠰᠡᠳᠬᠢᠭᠳᠡᠯ ᠦᠯᠡᠳᠡᠭᠡᠬᠦ