ᠬᠠᠭᠠᠨ ᠪᠠᠩᠬᠢ ᠠᠽᠢᠶ᠎ᠠ ᠶᠢᠨ ᠰᠢᠯᠢᠳᠡᠭ ᠪᠠᠶᠢᠭᠤᠯᠤᠯᠭ᠎ᠠ ᠪᠠᠷ ᠲᠣᠳᠣᠷᠠᠯ᠎ᠠ  | News.MN

 ᠬᠠᠭᠠᠨ ᠪᠠᠩᠬᠢ ᠠᠽᠢᠶ᠎ᠠ ᠶᠢᠨ ᠰᠢᠯᠢᠳᠡᠭ ᠪᠠᠶᠢᠭᠤᠯᠤᠯᠭ᠎ᠠ ᠪᠠᠷ ᠲᠣᠳᠣᠷᠠᠯ᠎ᠠ 

ᠲᠣᠭᠲᠠᠪᠤᠷᠢᠲᠠᠢ ᠬᠥᠭᠵᠢᠯ ᠪᠣᠯᠤᠨ ᠺᠣᠮᠫᠠᠨᠢ ᠶᠢᠨ ᠨᠡᠶᠢᠭᠡᠮ ᠤᠨ ᠬᠠᠷᠢᠭᠤᠴᠠᠯᠭ᠎ᠠ ᠪᠠᠷ ᠠᠮᠵᠢᠯᠲᠠ ᠲᠠᠢ ᠮᠠᠩᠯᠠᠶᠢᠯᠠᠯ ᠦᠵᠡᠭᠦᠯᠵᠦ ᠪᠤᠢ ᠪᠠᠶᠢᠭᠤᠯᠤᠯᠭ᠎ᠠ᠂ ᠬᠤᠪᠢ ᠬᠦᠮᠦᠰ ᠢ ᠲᠣᠳᠣᠷᠠᠭᠤᠯᠤᠨ ᠡᠷᠭᠦᠮᠵᠢᠯᠡᠳᠡᠭ The Asia Corporate Excellence ᠊ Sustainability Awards ᠰᠢᠯᠭᠠᠷᠠᠭᠤᠯᠤᠯᠲᠠ ᠶᠢᠨ ᠳ᠋ᠦᠩ ᠰᠠᠶ᠋ᠢᠬᠠᠨ ᠭᠠᠷᠴᠤ᠂ ᠬᠠᠭᠠᠨ ᠪᠠᠩᠬᠢ ᠶᠢ ᠨᠡᠶᠢᠭᠡᠮ ᠤᠨ ᠬᠠᠷᠢᠭᠤᠴᠠᠯᠭ᠎ᠠ ᠶᠢ ᠬᠡᠷᠡᠭᠵᠢᠭᠦᠯᠦᠭᠴᠢ ᠠᠽᠢᠶ᠎ᠠ ᠶᠢᠨ ᠰᠢᠯᠢᠳᠡᠭ ᠪᠠᠶᠢᠭᠤᠯᠤᠯᠭ᠎ᠠ ᠪᠠᠷ ᠵᠠᠷᠯᠠᠯ᠎ᠠ᠃ ᠤᠭ ᠰᠢᠯᠭᠠᠷᠠᠭᠤᠯᠤᠯᠲᠠ ᠶᠢ ᠲᠣᠭᠲᠠᠪᠤᠷᠢᠲᠠᠢ ᠬᠥᠭᠵᠢᠯ᠂ ᠮᠠᠩᠯᠠᠶᠢᠯᠠᠯ ᠤᠨ ᠴᠢᠭᠯᠡᠯ ᠢᠶᠡᠷ ᠠᠽᠢᠶ᠎ᠠ ᠶᠢᠨ ᠬᠡᠮᠵᠢᠶᠡᠨ ᠳᠦ ᠵᠦᠪᠯᠡᠬᠦ ᠦᠢᠯᠡᠴᠢᠯᠡᠭᠡ ᠦᠵᠡᠭᠦᠯᠳᠡᠭ MORS ᠭᠷᠦ᠋ᠫ 2014 ᠣᠨ ᠠᠴᠠ ᠰᠠᠨᠠᠭᠠᠴᠢᠯᠠᠨ ᠵᠣᠬᠢᠶᠠᠨ ᠪᠠᠶᠢᠭᠤᠯᠵᠤ ᠢᠷᠡᠭᠰᠡᠨ ᠪᠥᠭᠡᠳ ᠲᠣᠮᠣᠬᠠᠨ ᠪᠣᠯᠤᠨ ᠵᠢᠵᠢᠭ ᠳᠤᠮᠳᠠ ᠪᠢᠽᠢᠨᠧᠰ ᠦᠳ ᠨᠡᠶᠢᠭᠡᠮ ᠳᠦ ᠪᠡᠨ ᠬᠡᠷᠬᠢᠨ ᠦᠨ᠎ᠡ  ᠴᠡᠨ᠎ᠡ ᠶᠢ ᠪᠦᠲᠦᠭᠡᠵᠦ᠂ ᠬᠤᠪᠢ ᠨᠡᠮᠡᠷᠢ ᠪᠡᠨ ᠣᠷᠣᠭᠤᠯᠵᠤ ᠪᠤᠢ ᠶᠢ ᠦᠨᠡᠯᠡᠨ ᠲᠣᠳᠣᠷᠠᠭᠤᠯᠳᠠᠭ ᠶᠤᠮ᠃  ᠬᠠᠭᠠᠨ ᠪᠠᠩᠬᠢᠨ ᠤ ᠲᠣᠭᠲᠠᠪᠤᠷᠢᠲᠠᠢ ᠬᠥᠭᠵᠢᠯ᠂ ᠨᠡᠶᠢᠭᠡᠮ ᠤᠨ ᠬᠠᠷᠢᠭᠤᠴᠠᠯᠭ᠎ᠠ ᠶᠢ ᠬᠡᠷᠡᠭᠵᠢᠭᠦᠯᠦᠭᠴᠢ  ᠬᠠᠭᠠᠨ ᠪᠠᠩᠬᠢ ᠰᠠᠩ ᠤᠨ ᠬᠤᠪᠢ ᠳᠤ ᠡᠨᠡ ᠪᠣᠯ ᠣᠯᠠᠨ ᠤᠯᠤᠰ ᠤᠨ ᠬᠡᠮᠵᠢᠶᠡᠨ ᠳᠦ  ᠬᠦᠷᠲᠡᠵᠦ ᠪᠤᠢ ᠠᠩᠬᠠᠨ ᠤ ᠨᠡᠷ᠎ᠡ ᠬᠦᠨᠳᠦᠲᠡᠢ ᠲᠣᠮᠣ ᠱᠠᠩᠨᠠᠯ ᠶᠤᠮ᠃
2007 ᠣᠨ ᠳᠤ ᠺᠣᠮᠫᠠᠨᠢ ᠶᠢᠨ ᠨᠡᠶᠢᠭᠡᠮ ᠤᠨ ᠬᠠᠷᠢᠭᠤᠴᠠᠯᠭ᠎ᠠ ᠶᠢᠨ ᠠᠵᠢᠯ ᠤᠳ ᠢᠶᠠᠨ ᠰᠢᠰᠲ᠋ᠧᠮ ᠲᠡᠢ ᠬᠡᠷᠡᠭᠵᠢᠭᠦᠯᠬᠦ ᠵᠣᠷᠢᠯᠭ᠎ᠠ ᠪᠠᠷ  ᠬᠤᠪᠢ ᠶᠢᠨ ᠬᠡᠪᠰᠢᠯ ᠦᠳ ᠡᠴᠡ ᠠᠩᠬᠠᠯᠠᠨ ᠳᠡᠷᠭᠡᠳᠡ ᠪᠡᠨ  ᠬᠠᠭᠠᠨ ᠪᠠᠩᠬᠢ ᠰᠠᠩ ᠢ ᠪᠠᠶᠢᠭᠤᠯᠵᠤ᠂ ᠤᠯᠤᠰ ᠣᠷᠣᠨ ᠤ ᠡᠳ᠋ ᠍ ᠦᠨ ᠵᠠᠰᠠᠭ᠂ ᠨᠡᠶᠢᠭᠡᠮ ᠳᠦ ᠪᠣᠳᠠᠲᠠᠢ ᠬᠤᠪᠢ ᠨᠡᠮᠡᠷᠢ ᠣᠷᠣᠭᠤᠯᠤᠨ ᠺᠣᠮᠫᠠᠨᠢ ᠶᠢᠨ ᠨᠡᠶᠢᠭᠡᠮ ᠤᠨ ᠬᠠᠷᠢᠭᠤᠴᠠᠯᠭ᠎ᠠ ᠪᠠᠷ ᠮᠠᠩᠯᠠᠶᠢᠯᠠᠵᠤ ᠢᠷᠡᠭᠰᠡᠨ᠃  ᠬᠠᠭᠠᠨ ᠪᠠᠩᠬᠢ ᠰᠠᠩ  ᠥᠩᠭᠡᠷᠡᠭᠰᠡᠨ 12 ᠵᠢᠯ ᠦᠨ ᠬᠤᠭᠤᠴᠠᠭᠠᠨ ᠳᠤ 390 ᠭᠠᠷᠤᠢ ᠲᠥᠰᠥᠯ᠂ ᠬᠥᠲᠥᠯᠪᠦᠷᠢ ᠶᠢ 4.3 ᠲᠡᠷᠪᠤᠮ ᠲᠥᠭᠥᠷᠢᠭ ᠢᠶᠡᠷ ᠰᠠᠩᠬᠦᠦᠵᠢᠭᠦᠯᠦᠨ᠂ 100 ᠭᠠᠷᠤᠢ ᠪᠠᠶᠢᠭᠤᠯᠤᠯᠭ᠎ᠠ᠂ ᠬᠤᠪᠢ ᠬᠦᠮᠦᠰ ᠪᠣᠯᠤᠨ ᠲᠥᠷᠥ ᠶᠢᠨ ᠪᠤᠰᠤ ᠪᠠᠶᠢᠭᠤᠯᠤᠯᠭ᠎ᠠ ᠲᠠᠢ ᠬᠠᠮᠲᠤᠷᠠᠨ ᠠᠵᠢᠯᠯᠠᠵᠤ᠂ ᠨᠡᠶᠢᠭᠡᠮ ᠤᠨ ᠰᠠᠶᠢᠨ ᠰᠠᠶᠢᠬᠠᠨ ᠳᠤ ᠪᠣᠳᠠᠲᠠᠢ ᠬᠤᠪᠢ ᠨᠡᠮᠡᠷᠢ ᠣᠷᠣᠭᠤᠯᠤᠭᠰᠠᠭᠠᠷ ᠢᠷᠡᠭᠰᠡᠨ᠃

ᠰᠡᠳᠬᠢᠭᠳᠡᠯ ᠦᠯᠡᠳᠡᠭᠡᠬᠦ