ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠰᠡᠴᠡ ᠶᠢᠨ ᠳᠠᠷᠤᠭ᠎ᠠ ᠳ∙ᠤᠳᠤᠪᠠᠶᠠᠷ ᠤᠨ ᠬᠣᠯᠪᠣᠭᠳᠠᠭᠰᠠᠨ ᠬᠡᠷᠡᠭ ᠦᠨ ᠳᠤᠤᠯᠢᠶᠠᠨ ᠡᠮᠦᠨᠡᠲᠦ ᠰᠣᠯᠣᠩᠭᠣᠰ ᠤᠨ ᠬᠡᠪᠯᠡᠯ ᠦᠳ ᠦᠨ ᠭᠣᠣᠯ ᠰᠡᠳᠦᠪ ᠪᠣᠯᠤᠭᠠᠳ ᠪᠠᠶᠢᠭ᠎ᠠ᠃ ᠤᠭ ᠮᠡᠳᠡᠭᠡᠯᠡᠯ ᠦᠳ ᠵᠥᠪᠬᠡᠨ ᠰᠣᠯᠣᠩᠭᠣᠰ ᠬᠡᠯᠡ ᠪᠡᠷ ᠰᠠᠴᠤᠭᠳᠠᠵᠤ ᠪᠠᠶᠢᠭᠰᠠᠨ ᠶᠤᠮ᠃ ᠲᠡᠭᠡᠪᠡᠯ ᠥᠨᠥᠳᠥᠷ ᠡᠴᠡ ᠡᠬᠢᠯᠡᠨ ᠡᠮᠦᠨᠡᠲᠦ ᠰᠣᠯᠣᠩᠭᠣᠰ ᠤᠨ ᠣᠯᠠᠨ ᠨᠡᠶᠢᠲᠡ ᠶᠢᠨ ᠲᠸᠯᠸᠢᠰ KBS ᠭᠠᠳᠠᠭᠠᠳᠤ ᠬᠡᠯᠡ ᠳᠡᠭᠡᠷᠡᠬᠢ ᠰᠤᠪᠠᠭ ᠤᠳ ᠢᠶᠠᠷ ᠢᠶᠠᠨ ᠳ∙ᠤᠳᠤᠪᠠᠶᠠᠷ ᠲᠠᠢ ᠬᠣᠯᠪᠣᠭ᠎ᠠ ᠲᠠᠢ ᠮᠡᠳᠡᠭᠡ ᠨᠦᠭᠦᠳ ᠢ ᠰᠠᠴᠤᠵᠤ ᠡᠬᠢᠯᠡᠵᠡᠢ᠃
ᠥᠨᠥᠳᠥᠷ ᠦᠨ ᠪᠠᠶᠢᠳᠠᠯ ᠢᠶᠠᠷ KBS Radio ᠰᠤᠪᠠᠭ ᠤᠨ ᠢᠰᠫᠠᠨᠢ᠂ ᠹᠷᠠᠨᠼᠢ᠂ ᠸᠢᠶᠧᠲ᠋ᠨᠠᠮ ᠬᠡᠯᠡ ᠳᠡᠭᠡᠷᠡᠬᠢ ᠰᠠᠶᠢᠲ ᠤᠳ ᠤᠭ ᠬᠡᠷᠡᠭ ᠦᠨ ᠲᠠᠯ᠎ᠠ ᠪᠠᠷ ᠮᠡᠳᠡᠭᠡᠯᠡᠵᠦ ᠡᠬᠢᠯᠡᠭᠡᠳ ᠪᠠᠶᠢᠨ᠎ᠠ᠃ ᠥᠴᠥᠭᠡᠳᠦᠷ ᠡᠴᠡ ᠡᠮᠦᠨᠡᠲᠦ ᠰᠣᠯᠣᠩᠭᠣᠰ ᠤᠨ ᠠᠩᠭᠯᠢ ᠬᠡᠯᠡ ᠳᠡᠭᠡᠷ᠎ᠡ ᠭᠠᠷᠳᠠᠭ ᠭᠤᠷᠪᠠᠨ ᠡᠳᠦᠷ ᠲᠤᠲᠤᠮ ᠤᠨ ᠰᠣᠨᠢᠨ ᠤ ᠨᠢᠭᠡ Korea Times ᠮᠥᠨ ᠡᠨᠡ ᠲᠠᠯ᠎ᠠ ᠪᠠᠷ ᠮᠡᠳᠡᠭᠡᠯᠡᠵᠦ ᠡᠬᠢᠯᠡᠭᠰᠡᠨ ᠶᠤᠮ᠃