ᠲᠤᠰᠬᠠᠢ ᠵᠥᠪᠰᠢᠶᠡᠷᠡᠯ ᠢ ᠮᠡᠷᠭᠡᠵᠢᠯ ᠦᠨ ᠬᠤᠯᠪᠤᠭ᠎ᠠ ᠳᠤ ᠰᠢᠯᠵᠢᠭᠦᠯᠪᠡ  | News.MN

ᠲᠤᠰᠬᠠᠢ ᠵᠥᠪᠰᠢᠶᠡᠷᠡᠯ ᠢ ᠮᠡᠷᠭᠡᠵᠢᠯ ᠦᠨ ᠬᠤᠯᠪᠤᠭ᠎ᠠ ᠳᠤ ᠰᠢᠯᠵᠢᠭᠦᠯᠪᠡ 

ᠪᠠᠷᠢᠯᠭ᠎ᠠ ᠬᠣᠲᠠ ᠪᠠᠶᠢᠭᠤᠯᠤᠯᠲᠠ ᠶᠢᠨ ᠶᠠᠮᠤᠨ ᠠᠴᠠ ᠰᠠᠯᠪᠤᠷᠢ ᠶᠢᠨ ᠬᠡᠮᠵᠢᠶᠡᠨ ᠳᠦ ᠣᠯᠭᠤᠳᠠᠭ ᠲᠤᠰᠬᠠᠢ ᠵᠥᠪᠰᠢᠶᠡᠷᠡᠯ ᠦᠳ ᠢ ᠮᠡᠷᠭᠡᠵᠢᠯ ᠦᠨ ᠬᠤᠯᠪᠤᠭᠠᠳ ᠲᠤ ᠰᠢᠯᠵᠢᠭᠦᠯᠦᠯ᠎ᠡ᠃ ︽ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠭᠴᠢᠳ ᠦᠨ ᠬᠣᠯᠪᠣᠭ᠎ᠠ︾᠍ ᠳᠦ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠲᠤᠰᠬᠠᠢ ᠵᠥᠪᠰᠢᠶᠡᠷᠡᠯ ᠢ ᠭᠡᠷ᠎ᠡ ᠪᠡᠷ ᠭᠦᠢᠴᠡᠳᠬᠡᠭᠦᠯᠬᠦ ᠡᠷᠬᠡ ᠣᠯᠭᠤᠯ᠎ᠠ᠃
ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ ᠡᠷᠬᠢᠯᠡᠬᠦ᠂ ᠪᠠᠷᠢᠯᠭ᠎ᠠ ᠶᠢᠨ ᠦᠢᠯᠡ ᠠᠵᠢᠯᠯᠠᠭ᠎ᠠ ᠶᠢ ᠡᠷᠬᠢᠯᠡᠬᠦ ᠪᠤᠶᠤ ᠪᠠᠷᠢᠯᠭ᠎ᠠ ᠪᠠᠷᠢᠬᠤ᠂ ᠪᠠᠷᠢᠯᠭ᠎ᠠ ᠶᠢᠨ ᠵᠢᠷᠤᠭ ᠲᠥᠰᠥᠯ ᠭᠦᠢᠴᠡᠳᠭᠡᠬᠦ᠂ ᠡᠷᠭᠦᠬᠦ ᠪᠠᠶᠢᠭᠤᠯᠤᠮᠵᠢ ᠲᠡᠭᠦᠨ ᠦ ᠡᠳ᠋ ᠠᠩᠬᠢ ᠶᠢᠨ ᠤᠭᠰᠠᠷᠠᠯᠲᠠ᠂ ᠵᠠᠰᠠᠪᠤᠷᠢ ᠦᠢᠯᠡᠴᠢᠯᠡᠭᠡ ᠶᠢ ︽ᠮᠣᠩᠭᠣᠯ ᠤᠨ ᠪᠠᠷᠢᠯᠭ᠎ᠠ ᠶᠢᠨ ᠦᠨᠳᠦᠰᠦᠨ ᠦ ᠠᠰᠰᠤᠼᠢᠶᠠᠼ︾ ᠲᠡᠷᠢᠭᠦᠲᠡᠢ ᠨᠠᠢᠮᠠᠨ ᠪᠠᠶᠢᠭᠤᠯᠤᠯᠭ᠎ᠠ ᠶᠢᠨ ᠲᠦᠩᠰᠢᠯᠡᠯ ᠳᠦ ᠣᠯᠭᠤᠵᠠᠢ ᠃ ᠲᠥᠷᠥ ᠡᠴᠡ ᠪᠠᠷᠢᠯᠭ᠎ᠠ ᠶᠢᠨ ᠰᠠᠯᠪᠤᠷᠢ ᠳᠤ ᠣᠯᠭᠤᠳᠠᠭ ᠪᠦᠷᠢᠳᠬᠡᠯ᠂ ᠲᠤᠰᠬᠠᠢ ᠵᠥᠪᠰᠢᠶᠡᠷᠡᠯ ᠢ ᠮᠡᠷᠭᠡᠵᠢᠯ ᠦᠨ ᠬᠣ ᠬᠤᠯᠪᠤᠭᠠᠳ ᠭᠦᠢᠴᠡᠳᠭᠡᠭᠰᠡᠨ ᠢᠶᠡᠷ  ᠠᠪᠯᠢᠭ᠎ᠠ ᠬᠡᠭᠡᠯᠢ ᠬᠠᠬᠤᠤᠯᠢ᠂ ᠬᠦᠨᠳᠦ ᠰᠤᠷᠲᠠᠯ ᠤᠨ ᠪᠡᠷᠬᠡᠰᠢᠶᠡᠯ ᠠᠷᠢᠯᠤᠨ᠎ᠠ ᠭᠡᠵᠦ ᠦᠵᠡᠵᠡᠢ᠃ ᠠᠵᠤ ᠠᠬᠤᠢ ᠶᠢᠨ ᠨᠢᠭᠡᠴᠡ ᠨᠦᠭᠦᠳ ᠤᠨ ᠢᠷᠡᠭᠦᠯᠦᠭᠰᠡᠨ ᠬᠦᠰᠡᠯᠲᠡ ᠶᠢ 7-14 ᠬᠣᠨᠣᠭ ᠤᠨ ᠬᠤᠭᠤᠴᠠᠭᠠᠨ ᠳᠤ ᠰᠢᠢᠳᠪᠦᠷᠢᠯᠡᠬᠦ ᠶᠤᠮ᠃

ᠰᠡᠳᠬᠢᠭᠳᠡᠯ ᠦᠯᠡᠳᠡᠭᠡᠬᠦ