ᠭᠠᠳᠠᠭᠠᠳᠤ ᠢᠷᠭᠡᠨ ᠢ ᠠᠯᠲᠠᠨ ᠭᠠᠳᠠᠰᠤ ᠣᠳᠣᠨ ᠢᠶᠠᠷ ᠱᠠᠩᠨᠠᠪᠠ  | News.MN

ᠭᠠᠳᠠᠭᠠᠳᠤ ᠢᠷᠭᠡᠨ ᠢ ᠠᠯᠲᠠᠨ ᠭᠠᠳᠠᠰᠤ ᠣᠳᠣᠨ ᠢᠶᠠᠷ ᠱᠠᠩᠨᠠᠪᠠ 

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ᠵᠠᠷᠯᠢᠭ ᠭᠠᠷᠭᠠᠵᠤ᠂ ᠬᠣᠶᠠᠷ ᠤᠯᠤᠰ ᠬᠣᠭᠣᠷᠣᠨᠳᠣ ᠶᠢᠨ ᠨᠠᠶᠢᠷᠠᠮᠳᠠᠯᠲᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠳᠦ ᠣᠷᠣᠭᠤᠯᠤᠭᠰᠠᠨ ᠬᠤᠪᠢ ᠨᠡᠮᠡᠷᠢ ᠶᠢ ᠨᠢ ᠦᠨᠡᠯᠡᠵᠦ ᠠᠮᠧᠷᠢᠺᠠ ᠶᠢᠨ ᠢᠷᠭᠡᠨ ᠮᠢᠷᠨᠠ ᠠᠨ ᠠᠳ᠋ᠺᠢᠨᠰ ᠢ ᠲᠥᠷᠥ ᠶᠢᠨ ᠳᠡᠭᠡᠳᠦ ᠱᠠᠩᠨᠠᠯ ︽ᠠᠯᠲᠠᠨ ᠭᠠᠳᠠᠰᠤ︾ ᠣᠳᠣᠨ ᠢᠶᠠᠷ ᠱᠠᠩᠨᠠᠯ᠎ᠠ᠃
ᠬᠠᠲᠤᠭᠲᠠᠢ ᠠᠳ᠋ᠺᠢᠨᠰ ᠮᠣᠩᠭᠣᠯ ᠤᠨ ᠶᠡᠬᠡ ᠳᠡᠭᠡᠳᠦ ᠰᠤᠷᠭᠠᠭᠤᠯᠢ ᠨᠤᠭᠤᠳ ᠲᠤ ᠠᠩᠭᠯᠢ ᠬᠡᠯᠡᠨ ᠦ ᠬᠥᠲᠥᠯᠪᠦᠷᠢ ᠡᠬᠢᠯᠡᠭᠦᠯᠬᠦ᠂ ᠬᠡᠯᠡ ᠪᠣᠯᠤᠨ ᠰᠤᠶᠤᠯ ᠤᠨ ᠬᠠᠷᠢᠯᠴᠠᠭ᠎ᠠ ᠶᠢ ᠥᠷᠭᠡᠵᠢᠭᠦᠯᠬᠦ ᠴᠢᠭᠯᠡᠯ ᠢᠶᠡᠷ ᠰᠡᠭᠦᠯ ᠦᠨ 25 ᠵᠢᠯ ᠦᠨ ᠬᠤᠭᠤᠴᠠᠭᠠᠨ ᠳᠤ ᠠᠵᠢᠯᠯᠠᠵᠤ ᠪᠠᠶᠢᠭ᠎ᠠ ᠶᠤᠮ᠃ ᠮᠥᠨ ᠣᠯᠠᠨ ᠤᠯᠤᠰ ᠤᠨ Lions ᠺᠯᠦ᠋ᠪ ᠢᠶᠡᠷ ᠳᠠᠮᠵᠢᠭᠤᠯᠤᠨ ᠨᠢᠳᠦᠨ ᠦ ᠬᠠᠷᠠᠭ᠎ᠠ ᠶᠢ ᠲᠣᠭᠲᠠᠪᠤᠷᠢᠵᠢᠭᠤᠯᠬᠤ ᠬᠥᠲᠥᠯᠪᠦᠷᠢ ᠶᠢ ᠮᠣᠩᠭᠣᠯ ᠤᠯᠤᠰ ᠲᠤ ᠬᠡᠷᠡᠭᠵᠢᠭᠦᠯᠵᠦ ᠦᠵᠡᠯᠭᠡ ᠣᠨᠣᠰᠢᠯᠠᠭ᠎ᠠ ᠬᠢᠬᠦ᠂ ᠰᠢᠯᠢ ᠲᠠᠭᠠᠷᠠᠭᠤᠯᠬᠤ ᠡᠷᠡᠭᠦᠯ ᠮᠡᠨᠳᠦ ᠶᠢᠨ ᠲᠤᠰᠠᠯᠠᠮᠵᠢ ᠦᠢᠯᠡᠴᠢᠯᠡᠭᠡ ᠶᠢ 1000 ᠣᠷᠴᠢᠮ ᠢᠷᠭᠡᠨ ᠳᠦ ᠦᠵᠡᠭᠦᠯᠵᠦ᠂ ᠠᠰᠢᠭᠯᠠᠭᠰᠠᠨ ᠲᠣᠨᠣᠭ ᠲᠥᠬᠥᠭᠡᠷᠦᠮᠵᠢ ᠪᠡᠨ ᠬᠠᠨᠳᠢᠪᠯᠠᠬᠤ ᠵᠡᠷᠭᠡ ᠪᠡᠷ ᠬᠦᠮᠦᠯᠢᠭ ᠦᠨ ᠰᠠᠯᠪᠤᠷᠢ ᠳᠤ ᠠᠵᠢᠯᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ