ᠧᠦ᠋ᠷᠣᠫᠠ ᠶᠢᠨ ᠬᠣᠯᠪᠣᠭᠠᠨ ᠤ ᠬᠤᠳᠠᠯᠳᠤᠭᠠᠨ ᠤ ᠲᠠᠩᠬᠢᠮ ᠢ ᠨᠡᠭᠡᠭᠡᠯ᠎ᠡ  | News.MN

ᠧᠦ᠋ᠷᠣᠫᠠ ᠶᠢᠨ ᠬᠣᠯᠪᠣᠭᠠᠨ ᠤ ᠬᠤᠳᠠᠯᠳᠤᠭᠠᠨ ᠤ ᠲᠠᠩᠬᠢᠮ ᠢ ᠨᠡᠭᠡᠭᠡᠯ᠎ᠡ 

ᠧᠦ᠋ᠷᠣᠫᠠ᠂ ᠮᠣᠩᠭᠣᠯ ᠤᠨ ᠬᠠᠮᠲᠤᠷᠠᠭᠰᠠᠨ ᠬᠤᠳᠠᠯᠳᠤᠭᠠᠨ ᠤ ᠲᠠᠩᠬᠢᠮ ᠠᠯᠪᠠᠨ ᠶᠣᠰᠣᠭᠠᠷ ᠨᠡᠭᠡᠭᠡᠯᠲᠡ ᠪᠡᠨ ᠬᠢᠯ᠎ᠡ᠃ ᠨᠡᠭᠡᠭᠡᠯᠲᠡ ᠶᠢᠨ ᠶᠣᠰᠣᠯᠠᠯ ᠳᠤ ᠡᠸᠦ᠋ᠷᠦᠫᠡ ᠶᠢᠨ ᠬᠣᠯᠪᠣᠭᠠᠨ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠲᠷᠠᠶᠠᠨ ᠯᠠᠸᠤᠷᠸᠨᠼᠦ᠋ ᠾᠷᠢᠰᠲ᠋ᠧᠠ᠂ ᠧᠦ᠋ᠷᠣᠫᠠ ᠮᠣᠩᠭᠣᠯ ᠤᠨ ᠬᠠᠮᠲᠤᠷᠠᠭᠰᠠᠨ ᠬᠤᠳᠠᠯᠳᠤᠭᠠᠨ ᠤ ᠲᠠᠩᠬᠢᠮ ᠤᠨ ᠲᠥᠯᠥᠭᠡᠯᠡᠨ ᠤᠳᠤᠷᠢᠳᠬᠤ ᠵᠥᠪᠯᠡᠯ ᠦᠨ ᠳᠠᠷᠤᠭ᠎ᠠ ᠭᠠᠪᠧᠯ ᠮᠠᠷᠺ᠂ ᠭᠠᠳᠠᠭᠠᠳᠤ ᠬᠠᠷᠢᠯᠴᠠᠭᠠᠨ᠍ ᠤ ᠶᠠᠮᠤᠨ ‍ᠣ ᠭᠠᠳᠠᠭᠠᠳᠤ ᠬᠤᠳᠠᠯᠳᠤᠭ᠎ᠠ᠂ ᠡᠳ᠋  ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠭᠠᠵᠠᠷ ᠤᠨ ᠵᠠᠬᠢᠷᠤᠯ ᠸ∙ᠡᠩᠬᠡᠪᠣᠯᠤᠳ ᠨᠠᠷ ᠣᠷᠣᠯᠴᠠᠯ᠎ᠠ᠃
ᠧᠦ᠋ᠷᠣᠫᠠ᠂ ᠮᠣᠩᠭᠣᠯ ᠤᠨ ᠬᠠᠮᠲᠤᠷᠠᠭᠰᠠᠨ ᠬᠤᠳᠠᠯᠳᠤᠭᠠᠨ ᠤ ᠲᠠᠩᠬᠢᠮ ᠨᠢ ᠨᠢᠭᠡ ᠳᠦ᠂ ᠮᠣᠩᠭᠣᠯ ᠤᠯᠤᠰ ᠳᠠᠬᠢ ᠧᠦ᠋ᠷᠣᠫᠠ ᠶᠢᠨ ᠬᠥᠷᠥᠩᠭᠡ ᠣᠷᠣᠭᠤᠯᠤᠯᠲᠠ ᠶᠢ ᠳᠡᠮᠵᠢᠬᠦ᠂ ᠬᠣᠶᠠᠷ ᠲᠤ᠂ ᠧᠦ᠋ᠷᠣᠫᠠ ᠶᠢᠨ ᠪᠢᠽᠢᠨᠧᠰ ᠡᠷᠬᠢᠯᠡᠭᠴᠢᠳ ᠢ ᠢᠯᠡᠭᠦᠦ ᠣᠶᠢᠷᠠᠲᠤᠭᠤᠯᠬᠤ᠂ ᠭᠤᠷᠪᠠ ᠳᠤ᠂ ᠮᠣᠩᠭᠣᠯ ᠤᠯᠤᠰ ᠤᠨ ᠵᠠᠰᠠᠭ ᠤᠨ ᠭᠠᠵᠠᠷ ᠪᠣᠯᠤᠨ ᠧᠦ᠋ᠷᠣᠫᠠ ᠶᠢᠨ ᠪᠢᠽᠢᠨᠧᠰ ᠡᠷᠬᠢᠯᠡᠭᠴᠢᠳ ᠢ ᠬᠣᠭᠣᠷᠣᠨᠳᠣ ᠨᠢ ᠢᠯᠡᠭᠦᠦ ᠣᠶᠢᠷ᠎ᠠ᠂ ᠳᠠᠪᠲᠠᠮᠵᠢ ᠲᠠᠢ ᠶᠠᠷᠢᠶ᠎ᠠ ᠬᠡᠯᠡᠯᠴᠡᠭᠦᠯᠭᠡ ᠥᠷᠨᠢᠭᠦᠯᠬᠦ᠂ ᠡᠴᠦᠰ ᠲᠦ ᠨᠢ ᠭᠡᠰᠢᠭᠦᠳ ᠲᠦ ᠪᠡᠨ ᠦᠨ᠎ᠡ ᠴᠡᠨ᠎ᠡ ᠶᠢ ᠪᠤᠢ ᠪᠣᠯᠭᠠᠬᠤ ᠭᠡᠰᠡᠨ ᠦᠨᠳᠦᠰᠦᠨ 4 ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠬᠤ ᠪᠠᠨ ᠢᠯᠡᠷᠬᠡᠶᠢᠯᠡᠵᠦ ᠪᠠᠶᠢᠨ᠎ᠠ᠃
ᠲᠤᠰ ᠲᠠᠩᠬᠢᠮ ᠢᠷᠡᠬᠦ ᠵᠢᠯ ᠳᠦ 50-100 ᠭᠡᠰᠢᠭᠦᠨ ᠡᠯᠰᠡᠭᠦᠯᠬᠦ ᠬᠦᠯᠢᠶᠡᠯᠲᠡ ᠲᠡᠢ ᠪᠠᠶᠢᠭ᠎ᠠ ᠶᠢ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ