ᠮᠣᠩᠭᠣᠯ ᠰᠤᠳᠤᠯᠤᠯ ᠤᠨ ᠠᠽᠢᠶ᠎ᠠ ᠶᠢᠨ ᠪᠥᠰᠡ ᠶᠢᠨ ᠬᠤᠷᠠᠯ ᠪᠣᠯᠤᠯ᠎ᠠ  | News.MN

ᠮᠣᠩᠭᠣᠯ ᠰᠤᠳᠤᠯᠤᠯ ᠤᠨ ᠠᠽᠢᠶ᠎ᠠ ᠶᠢᠨ ᠪᠥᠰᠡ ᠶᠢᠨ ᠬᠤᠷᠠᠯ ᠪᠣᠯᠤᠯ᠎ᠠ 

ᠣᠯᠠᠨ ᠤᠯᠤᠰ ᠤᠨ ᠮᠣᠩᠭᠣᠯ ᠰᠤᠳᠤᠯᠤᠯ ᠤᠨ ᠬᠣᠯᠪᠣᠭᠠᠨ ᠤ ᠠᠽᠢᠶ᠎ᠠ ᠶᠢᠨ ᠪᠥᠰᠡ ᠶᠢᠨ ᠭᠤᠷᠪᠠᠳᠤᠭᠠᠷ ᠬᠤᠷᠠᠯ  ᠰᠸᠦ᠋ᠯ ᠬᠣᠲᠠ ᠳ᠋ᠡᠬᠢ ᠰᠣᠯᠣᠩᠭᠣᠰ ᠤᠨ ᠦᠨᠳᠦᠰᠦᠨ ᠦ ᠮᠦᠽᠧᠢ ᠳᠦ ᠡᠨᠡ ᠰᠠᠷ᠎ᠠ ᠶᠢᠨ 8-9 ᠍ ᠳᠦ ᠪᠣᠯᠵᠠᠢ᠃ ︽ᠮᠣᠩᠭᠣᠯ ᠰᠤᠶᠤᠯ ᠤᠨ ᠥᠪ︾ ᠰᠡᠳᠦᠪ ᠦᠨ ᠬᠦᠷᠢᠶᠡᠨ ᠳᠦ ᠵᠣᠬᠢᠶᠠᠨ ᠪᠠᠶᠢᠭᠤᠯᠤᠭᠰᠠᠨ ᠤᠭ ᠬᠤᠷᠠᠯ ᠳᠤ 10 ᠭᠠᠷᠤᠢ ᠣᠷᠣᠨ ᠤ 69 ᠡᠷᠳᠡᠮᠲᠡᠨ ᠰᠤᠳᠤᠯᠤᠭᠠᠴᠢ ᠣᠷᠣᠯᠴᠠᠭᠰᠠᠨ ᠪᠠᠶᠢᠨ᠎ᠠ᠃ ᠡᠷᠳᠡᠮᠲᠡᠨ᠂ ᠰᠤᠳᠤᠯᠤᠭᠠᠴᠢᠳ  ︽ᠮᠣᠩᠭᠣᠯ ᠤᠨ ᠬᠡᠭᠡᠷ᠎ᠡ ᠲᠠᠯ᠎ᠠ ᠶᠢᠨ ᠳᠦᠷᠰᠦ ᠪᠢᠴᠢᠯᠭᠡ︾᠂ ︽ᠰᠤᠶᠤᠯ ᠤᠨ ᠥᠪ ᠦᠨ ᠪᠣᠳᠣᠯᠭ᠎ᠠ᠂ ᠰᠤᠳᠤᠯᠭᠠᠨ︾᠂ ︽ᠮᠣᠩᠭᠣᠯ ᠤᠨ ᠲᠡᠦᠬᠡᠨ ᠪᠣᠯᠤᠨ ᠰᠤᠷᠪᠤᠯᠵᠢ ᠪᠢᠴᠢᠭ I᠂II᠂III︾᠂ ︽ᠮᠣᠩᠭᠣᠯ ᠤᠨ ᠠᠷᠾᠸᠦᠯᠤᠭᠢ︾ ᠵᠡᠷᠭᠡ 6 ᠰᠠᠯᠪᠤᠷᠢ ᠬᠤᠷᠠᠯᠳᠤᠭᠠᠨ ᠳᠤ ᠰᠤᠳᠤᠯᠭᠠᠨ ᠢᠶᠠᠨ ᠲᠠᠨᠢᠯᠴᠠᠭᠤᠯᠵᠤ᠂ ᠰᠠᠨᠠᠯ ᠰᠣᠯᠢᠯᠴᠠᠵᠠᠢ᠃
ᠬᠤᠷᠠᠯ ᠳᠤ ᠮᠣᠩᠭᠣᠯ ᠠᠴᠠ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠂ ᠪᠤᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠤᠷᠲ ᠤᠨ ᠶᠠᠮᠤᠨ᠂ ᠭᠠᠳᠠᠭᠠᠳᠤ ᠬᠠᠷᠢᠯᠴᠠᠭᠠᠨ ᠤ ᠶᠠᠮᠤᠨ᠂ ᠰᠢᠨᠵᠢᠯᠡᠬᠦ ᠤᠬᠠᠭᠠᠨ ᠤ ᠠᠺᠠᠳ᠋ᠸᠮᠢ᠂ ᠰᠣᠯᠣᠩᠭᠣᠰ ᠤᠨ ᠲᠠᠯ᠎ᠠ ᠠᠴᠠ ᠰᠤᠶᠤᠯ ᠤᠨ ᠥᠪ ᠦᠨ ᠤᠳᠤᠷᠢᠳᠤᠯᠭ᠎ᠠ ᠶᠢᠨ ᠭᠠᠵᠠᠷ᠂ ᠰᠤᠶᠤᠯ ᠤᠨ ᠥᠪ ᠦᠨ ᠰᠤᠳᠤᠯᠭᠠᠨ ᠤ ᠦᠨᠳᠦᠰᠦᠨ ᠦ ᠬᠦᠷᠢᠶᠡᠯᠡᠩ᠂ ᠠᠽᠢᠶ᠎ᠠ ᠶᠢᠨ ᠰᠤᠶᠤᠯ ᠤᠨ ᠦᠨᠳᠦᠰᠦᠨ ᠦ ᠲᠥᠪ᠂ ᠶᠤᠨᠧᠰᠺᠤ ᠶᠢᠨ ᠨᠣᠮᠣᠬᠠᠨ ᠳᠠᠯᠠᠢ ᠶᠢᠨ ᠪᠡᠶᠡᠲᠦ ᠪᠤᠰᠤ ᠥᠪ ᠦᠨ ᠲᠥᠪ᠂ ᠬᠠᠩᠭᠦᠭ ᠭᠠᠳᠠᠭᠠᠳᠤ ᠰᠤᠳᠤᠯᠤᠯ ᠤᠨ ᠶᠡᠬᠡ ᠰᠤᠷᠭᠠᠭᠤᠯᠢ ᠣᠷᠣᠯᠴᠠᠵᠠᠢ᠃ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠬᠤᠷᠠᠯ ᠳᠤ ᠤᠷᠤᠯᠴᠠᠭᠰᠠᠳ ᠲᠤ ᠲᠠᠯᠠᠷᠬᠠᠯ ᠤᠨ ᠮᠡᠨᠳᠦᠴᠢᠯᠡᠭᠡ ᠬᠦᠷᠭᠡᠭᠦᠯᠵᠦ᠂ ᠴᠢᠨᠠᠭᠰᠢᠳᠠ ᠮᠣᠩᠭᠣᠯ ᠰᠤᠳᠤᠯᠤᠯ ᠢ ᠳᠡᠮᠵᠢᠨ ᠠᠵᠢᠯᠯᠠᠬᠤ ᠪᠠᠨ ᠢᠯᠡᠷᠬᠡᠶᠢᠯᠡᠵᠡᠢ᠃ ᠲᠡᠭᠦᠨᠴᠢᠯᠡᠨ 2020 ᠣᠨ ᠳᠤ ᠲᠣᠬᠢᠶᠠᠬᠤ ᠬᠠᠷᠠᠬᠣᠷᠣᠮ ᠬᠣᠲᠠ ᠶᠢᠨ 800 ᠵᠢᠯ ᠦᠨ ᠣᠢ ᠪᠣᠯᠤᠨ 2021 ᠣᠨ ᠳᠤ ᠪᠣᠯᠬᠤ ᠮᠣᠩᠭᠣᠯ ᠰᠤᠳᠤᠯᠤᠯ ᠤᠨ ᠬᠤᠷᠢᠨ ᠬᠤᠶᠠᠳᠤᠭᠠᠷ ᠶᠡᠬᠡ ᠬᠤᠷᠠᠯ ᠳᠤ ᠮᠣᠩᠭᠣᠯᠴᠢ ᠡᠷᠳᠡᠮᠲᠡᠨ᠂ ᠰᠤᠳᠤᠯᠤᠭᠠᠴᠢᠳ ᠢ ᠢᠳᠡᠪᠬᠢᠲᠡᠢ ᠣᠷᠣᠯᠴᠠᠬᠤ ᠶᠢ ᠬᠦᠰᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ