ᠮᠣᠩᠭᠣᠯ᠂ ᠰᠸᠢᠰ ᠤᠨ ᠠᠭᠤᠯᠵᠠᠯᠲᠠ ᠪᠣᠯᠪᠠ  | News.MN

ᠮᠣᠩᠭᠣᠯ᠂ ᠰᠸᠢᠰ ᠤᠨ ᠠᠭᠤᠯᠵᠠᠯᠲᠠ ᠪᠣᠯᠪᠠ 

ᠮᠣᠩᠭᠣᠯ᠂ ᠰᠸᠢᠰ ᠤᠨ ᠭᠠᠳᠠᠭᠠᠳᠤ ᠬᠠᠷᠢᠯᠴᠠᠭᠠᠨ ᠤ ᠶᠠᠮᠤᠨ ᠬᠣᠭᠣᠷᠣᠨᠳᠣ ᠶᠢᠨ ᠤᠯᠤᠰ ᠲᠥᠷᠥ ᠶᠢᠨ  ᠲᠠᠪᠤᠳᠠᠬᠢ ᠤᠳᠠᠭ᠎ᠠ ᠶᠢᠨ ᠵᠥᠪᠯᠡᠯᠳᠦᠬᠦ ᠠᠭᠤᠯᠵᠠᠯᠲᠠ 2019 ᠣᠨ ᠤ 11 ᠳ᠋ᠤᠭᠡᠷ ᠰᠠᠷ᠎ᠠ ᠶᠢᠨ 11 ᠳᠦ  ᠪᠸᠷᠡᠨ ᠬᠤᠲᠠ ᠳᠤ ᠵᠣᠬᠢᠶᠠᠨ ᠪᠠᠶᠢᠭᠤᠯᠤᠭᠳᠠᠪᠠ᠃ ᠵᠥᠪᠯᠡᠯᠳᠦᠬᠦ ᠠᠭᠤᠯᠵᠠᠯᠲᠠ ᠶᠢ ᠮᠣᠩᠭᠣᠯ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ∙ᠳᠠᠸᠠᠰᠦ᠋ᠷᠦᠩ᠂ ᠰᠸᠢᠰ ᠤᠨ ᠲᠠᠯ᠎ᠠ ᠶᠢ ᠰᠸᠢᠰ ᠤᠨ ᠭᠠᠳᠠᠭᠠᠳᠤ ᠬᠡᠷᠡᠭ ᠦᠨ ᠶᠠᠮᠤᠨ ᠤ ᠠᠽᠢᠶ᠎ᠠ᠂ ᠨᠣᠮᠣᠬᠠᠨ ᠳᠠᠯᠠᠢ ᠶᠢᠨ ᠠᠰᠠᠭᠤᠳᠠᠯ ᠬᠠᠷᠢᠭᠤᠴᠠᠭᠰᠠᠨ ᠲᠤᠰᠠᠯᠠᠬᠤ ᠨᠠᠷᠢᠨ ᠪᠢᠴᠢᠭ ᠦᠨ ᠳᠠᠷᠤᠭ᠎ᠠ ᠷᠠᠹᠠᠶ᠋ᠸᠯ ᠨᠠᠭᠧᠯᠢ ᠠᠬᠠᠯᠠᠵᠤ ᠤᠷᠤᠯᠴᠠᠪᠠ᠃
ᠵᠥᠪᠯᠡᠯᠳᠦᠬᠦ ᠠᠭᠤᠯᠵᠠᠯᠲᠠ ᠪᠠᠷ ᠲᠠᠯ᠎ᠠ ᠨᠤᠭᠤᠳ ᠮᠣᠩᠭᠣᠯ᠂ ᠰᠸᠢᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠤᠯᠤᠰ ᠲᠥᠷᠥ᠂ ᠡᠳ᠋ ᠦᠨ ᠵᠠᠰᠠᠭ᠂ ᠬᠥᠷᠥᠩᠭᠡ ᠣᠷᠣᠭᠤᠯᠤᠯᠲᠠ᠂ ᠬᠥᠳᠡᠭᠡ ᠠᠵᠤ ᠠᠬᠤᠢ᠂ ᠪᠠᠶᠢᠭᠠᠯᠢ ᠣᠷᠴᠢᠨ᠂ ᠪᠣᠯᠪᠠᠰᠤᠷᠠᠯ᠂ ᠰᠤᠶᠤᠯ ᠵᠡᠷᠭᠡ ᠰᠠᠯᠪᠤᠷᠢ ᠳᠤ ᠥᠷᠭᠡᠵᠢᠭᠦᠯᠦᠨ ᠬᠥᠭᠵᠢᠭᠦᠯᠬᠦ ᠲᠠᠯ᠎ᠠ ᠪᠠᠷ ᠪᠣᠯᠤᠨ ᠬᠥᠭᠵᠢᠯ ᠦᠨ ᠬᠠᠮᠲᠤ ᠶᠢᠨ ᠠᠵᠢᠯᠯᠠᠭ᠎ᠠ᠂ ᠣᠯᠠᠨ ᠲᠠᠯᠠᠲᠤ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠳᠡᠯᠭᠡᠷᠡᠩᠭᠦᠢ ᠰᠠᠨᠠᠯ ᠰᠤᠯᠢᠯᠴᠠᠪᠠ᠃ ᠮᠥᠨ ᠪᠥᠰᠡ ᠨᠤᠲᠤᠭ ᠤᠨ ᠠᠶᠤᠯᠭᠦᠢ ᠪᠠᠶᠢᠳᠠᠯ᠂ ᠲᠡᠭᠦᠨ ᠦ ᠳᠣᠲᠣᠷ᠎ᠠ ᠵᠡᠭᠦᠨ ᠬᠤᠶᠢᠳᠤ ᠠᠽᠢᠶ᠎ᠠ ᠶᠢᠨ ᠠᠰᠠᠭᠤᠳᠠᠯ ᠢᠶᠠᠷ ᠬᠣᠶᠠᠷ ᠣᠷᠣᠨ ᠤ ᠰᠠᠨᠠᠭᠠᠴᠢᠯᠠᠨ ᠬᠡᠷᠡᠭᠵᠢᠭᠦᠯᠵᠦ ᠪᠤᠢ ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ ᠪᠣᠯᠤᠨ ᠼᠧᠷᠮᠠᠲ ᠤᠨ ᠳᠤᠭᠤᠢ ᠰᠢᠷᠡᠭᠡᠨ ᠦ ᠠᠭᠤᠯᠵᠠᠯᠲᠠ ᠶᠢᠨ ᠬᠦᠷᠢᠶᠡᠨ ᠳᠦ ᠬᠠᠮᠲᠤᠷᠠᠨ ᠠᠵᠢᠯᠯᠠᠬᠤ ᠶᠢᠨ ᠴᠢᠬᠤᠯᠠ ᠶᠢ ᠲᠠᠯ᠎ᠠ ᠨᠤᠭᠤᠳ ᠣᠨᠴᠠᠯᠠᠪᠠ᠃ ᠡᠨᠡ ᠵᠢᠯ ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 55 ᠵᠢᠯ ᠦᠨ ᠣᠢ ᠲᠣᠬᠢᠶᠠᠵᠤ ᠪᠤᠢ ᠶᠤᠮ᠃

ᠰᠡᠳᠬᠢᠭᠳᠡᠯ ᠦᠯᠡᠳᠡᠭᠡᠬᠦ