ᠳ∙ᠴᠣᠭᠲᠤᠪᠠᠭᠠᠲᠤᠷ ᠮᠢᠩᠭᠠᠨ ᠤ ᠰᠣᠷᠢᠯᠲᠠ ᠶᠢᠨ ᠺᠣᠷᠫᠣᠷᠠᠼ ᠤᠨ ᠬᠢᠨ ᠲᠠᠢ ᠠᠭᠤᠯᠵᠠᠪᠠ  | News.MN

ᠳ∙ᠴᠣᠭᠲᠤᠪᠠᠭᠠᠲᠤᠷ ᠮᠢᠩᠭᠠᠨ ᠤ ᠰᠣᠷᠢᠯᠲᠠ ᠶᠢᠨ ᠺᠣᠷᠫᠣᠷᠠᠼ ᠤᠨ ᠬᠢᠨ ᠲᠠᠢ ᠠᠭᠤᠯᠵᠠᠪᠠ 

ᠭᠠᠳᠠᠭᠠᠳᠤ ᠬᠠᠷᠢᠯᠴᠠᠭᠠᠨ ᠤ ᠶᠠᠮᠤᠨ ‍ᠣ ᠰᠠᠶᠢᠳ ᠳ∙ᠴᠣᠭᠲᠤᠪᠠᠭᠠᠲᠤᠷ ᠠᠮᠧᠷᠢᠺᠠ ᠶᠢᠨ ᠮᠢᠩᠭᠠᠨ ᠤ ᠰᠣᠷᠢᠯᠲᠠ ᠶᠢᠨ ᠺᠣᠷᠫᠣᠷᠠᠼ ᠤᠨ ᠳᠡᠳ᠋ ᠶᠡᠷᠦᠩᠬᠡᠶᠢᠯᠡᠭᠴᠢ ᠡᠸ᠋ᠨᠲ᠋ᠤᠨᠢ ᠸᠧᠯᠴᠧᠷ ᠢ ᠠᠷᠪᠠᠨ ᠨᠢᠭᠡᠳᠦᠭᠡᠷ ᠰᠠᠷ᠎ᠠ ᠶᠢᠨ 11 ᠍ ᠦ ᠡᠳᠦᠷ ᠭᠠᠳᠠᠭᠠᠳᠤ ᠬᠠᠷᠢᠯᠴᠠᠭᠠᠨ ᠤ ᠶᠠᠮᠤᠨ  ᠳᠦ ᠬᠦᠯᠢᠶᠡᠨ ᠠᠪᠴᠤ ᠠᠭᠤᠯᠵᠠᠵᠤ᠂ 2018 ᠣᠨ ᠤ ᠳᠣᠯᠣᠳᠤᠭᠠᠷ ᠰᠠᠷ᠎ᠠ ᠳᠤ ᠪᠠᠶᠢᠭᠤᠯᠤᠭᠰᠠᠨ ᠤᠰᠤᠨ ᠤ ᠺᠣᠮᠫᠠᠺᠲ ᠭᠡᠷ᠎ᠡ ᠶᠢᠨ ᠬᠡᠷᠡᠭᠵᠢᠯᠲᠡ ᠶᠢᠨ ᠶᠠᠪᠤᠴᠠ ᠪᠠᠶᠢᠳᠠᠯ ᠤᠨ ᠲᠠᠯ᠎ᠠ ᠪᠠᠷ ᠶᠠᠷᠢᠯᠴᠠᠪᠠ᠃
ᠲᠠᠯ᠎ᠠ ᠨᠤᠭᠤᠳ ᠤᠰᠤᠨ ᠤ ᠺᠣᠮᠫᠠᠺᠲ ᠭᠡᠷ᠎ᠡ ᠨᠢ ᠤᠯᠠᠭᠠᠨᠪᠠᠭᠠᠲᠤᠷ ᠬᠣᠲᠠ ᠶᠢᠨ ᠤᠰᠤᠨ ᠤ ᠬᠠᠩᠭᠠᠮᠵᠢ ᠶᠢ ᠨᠡᠮᠡᠭᠳᠡᠭᠦᠯᠬᠦ᠂ ᠮᠣᠩᠭᠣᠯ ᠤᠨ ᠠᠷᠠᠳ ᠲᠦᠮᠡᠨ ᠦ ᠠᠵᠤ ᠠᠮᠢᠳᠤᠷᠠᠯ᠂ ᠡᠳ᠋ ᠍ ᠦᠨ ᠵᠠᠰᠠᠭ ᠤᠨ ᠥᠰᠦᠯᠲᠡ᠂ ᠤᠯᠠᠮ ᠢᠶᠠᠷ ᠬᠦᠷᠢᠶᠡᠯᠡᠩ ᠪᠤᠢ ᠣᠷᠴᠢᠨ᠂ ᠡᠺᠤᠯᠤᠭᠢ ᠶᠢᠨ ᠲᠣᠭᠲᠠᠪᠤᠷᠢᠲᠠᠢ ᠪᠠᠶᠢᠳᠠᠯ ᠢ ᠬᠠᠩᠭᠠᠬᠤ ᠳᠤ ᠴᠢᠬᠤᠯᠠ ᠠᠴᠢ ᠬᠣᠯᠪᠣᠭᠳᠠᠯ ᠲᠠᠢ ᠪᠣᠯᠬᠤ ᠶᠢ ᠲᠡᠮᠳᠡᠭᠯᠡᠭᠡᠳ᠂ ᠲᠥᠰᠥᠯ ᠦᠨ ᠬᠡᠷᠡᠭᠵᠢᠯᠲᠡ ᠲᠡᠢ ᠬᠣᠯᠪᠣᠭ᠎ᠠ ᠲᠠᠢ ᠠᠰᠠᠭᠤᠳᠠᠯ ᠢᠶᠠᠷ ᠮᠡᠳᠡᠭᠡᠯᠡᠯ ᠢᠶᠡᠨ ᠰᠢᠭᠤᠷᠬᠠᠢ ᠰᠣᠯᠢᠯᠴᠠᠵᠤ᠂ ᠨᠢᠭᠲᠠ ᠬᠠᠮᠲᠤᠷᠠᠨ ᠠᠵᠢᠯᠯᠠᠵᠤ᠂ ᠲᠥᠰᠥᠯ ᠢ ᠠᠮᠵᠢᠯᠲᠠ ᠲᠠᠢ ᠬᠡᠷᠡᠭᠵᠢᠭᠦᠯᠬᠦ ᠶᠢᠨ ᠲᠥᠯᠥᠭᠡ ᠪᠠᠶᠢᠭ᠎ᠠ ᠶᠢ ᠬᠠᠷᠢᠯᠴᠠᠨ ᠨᠣᠲᠠᠯᠠᠪᠠ᠃ ᠠᠮᠧᠷᠢᠺᠠ ᠶᠢᠨ ᠵᠠᠰᠠᠭ ᠤᠨ ᠭᠠᠵᠠᠷ ᠤᠨ 350 ᠰᠠᠶ᠎ᠠ ᠳ᠋ᠣᠯᠯᠠᠷ ᠤᠨ ᠲᠤᠰᠠᠯᠠᠮᠵᠢ ᠪᠠᠷ ᠤᠯᠠᠭᠠᠨᠪᠠᠭᠠᠲᠤᠷ ᠬᠣᠲᠠ ᠶᠢᠨ ᠤᠰᠤᠨ ᠤ ᠡᠬᠢ ᠡᠭᠦᠰᠪᠦᠷᠢ ᠶᠢ ᠨᠡᠮᠡᠭᠳᠡᠭᠦᠯᠬᠦ᠂ ᠰᠠᠷᠠᠯ ᠤᠰᠤ ᠳᠠᠪᠲᠠᠨ ᠪᠣᠯᠪᠠᠰᠤᠷᠠᠭᠤᠯᠬᠤ ᠦᠢᠯᠡᠳᠪᠦᠷᠢ ᠪᠠᠷᠢᠬᠤ ᠵᠡᠷᠭᠡ ᠲᠣᠮᠣᠬᠠᠨ ᠪᠦᠲᠦᠭᠡᠨ ᠪᠠᠶᠢᠭᠤᠯᠤᠯᠲᠠ ᠶᠢ ᠠᠵᠢᠯ ᠬᠢᠭᠳᠡᠬᠦ ᠶᠤᠮ᠃

ᠰᠡᠳᠬᠢᠭᠳᠡᠯ ᠦᠯᠡᠳᠡᠭᠡᠬᠦ