ᠪᠣᠳᠢᠪᠢᠯᠳᠢᠨ᠂ ᠹᠢᠲᠨᠧᠰ ᠤᠨ ᠳᠡᠯᠡᠬᠡᠢ ᠶᠢᠨ ᠲᠡᠮᠡᠴᠡᠭᠡᠨ ᠠᠴᠠ ᠮᠧᠳᠠᠯ ᠬᠦᠷᠲᠡᠪᠡ  | News.MN

ᠪᠣᠳᠢᠪᠢᠯᠳᠢᠨ᠂ ᠹᠢᠲᠨᠧᠰ ᠤᠨ ᠳᠡᠯᠡᠬᠡᠢ ᠶᠢᠨ ᠲᠡᠮᠡᠴᠡᠭᠡᠨ ᠠᠴᠠ ᠮᠧᠳᠠᠯ ᠬᠦᠷᠲᠡᠪᠡ 

ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠤᠨ ᠴᠸᠵᠦ ᠠᠷᠠᠯ ᠳᠡᠭᠡᠷ᠎ᠡ ᠠᠷᠪᠠᠨ ᠨᠢᠭᠡᠳᠦᠭᠡᠷ ᠰᠠᠷ᠎ᠠ ᠶᠢᠨ 5-11 ᠬᠣᠭᠣᠷᠣᠨᠳᠣ ᠪᠣᠳᠢᠪᠢᠯᠳᠢᠨ᠂ ᠹᠢᠲᠨᠧᠰ ᠤᠨ 2019 ᠣᠨ ᠤ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠵᠤ ᠥᠨᠳᠥᠷᠯᠡᠯ᠎ᠡ᠃ ᠲᠡᠮᠡᠴᠡᠭᠡᠨ ᠳᠦ ᠨᠡᠶᠢᠲᠡ 37 ᠣᠷᠣᠨ ᠤ 318 ᠲᠠᠮᠢᠷᠴᠢᠳ ᠣᠷᠣᠯᠴᠠᠵᠠᠢ᠃
ᠪᠣᠳᠢᠪᠢᠯᠳᠢᠨ ᠂ ᠹᠢᠲᠨᠧᠰ ᠤᠨ 2019 ᠣᠨ ᠤ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠮᠣᠩᠭᠣᠯ ᠤᠯᠤᠰ ᠠᠴᠠ 16 ᠲᠠᠮᠢᠷᠴᠢᠨ᠂ ᠬᠣᠶᠠᠷ ᠣᠯᠠᠨ ᠤᠯᠤᠰ ᠤᠨ ᠰᠢᠭᠦᠭᠴᠢ᠂ ᠬᠣᠶᠠᠷ ᠠᠯᠪᠠᠨ ᠤ ᠬᠦᠮᠦᠨ ᠦ ᠪᠦᠷᠢᠯᠳᠦᠬᠦᠨ ᠲᠡᠢ ᠪᠠᠭ ᠣᠷᠣᠯᠴᠠᠵᠤ᠂ ᠳᠥᠷᠪᠡᠨ ᠠᠯᠲᠠ᠂ ᠭᠤᠷᠪᠠᠨ ᠮᠥᠩᠭᠥ᠂ ᠲᠠᠪᠤᠨ ᠬᠦᠷᠡᠯ ᠮᠧᠳᠠᠯ ᠬᠦᠷᠲᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ