︽ᠳᠡᠯᠡᠬᠡᠢ ᠶᠢᠨ ᠬᠤᠷᠠᠮᠳᠤᠭᠤᠯᠤᠯ ᠤᠨ ᠡᠳᠦᠷ︾᠍ ᠢ ᠲᠡᠮᠳᠡᠭᠯᠡᠯ᠎ᠡ  | News.MN

 ︽ᠳᠡᠯᠡᠬᠡᠢ ᠶᠢᠨ ᠬᠤᠷᠠᠮᠳᠤᠭᠤᠯᠤᠯ ᠤᠨ ᠡᠳᠦᠷ︾᠍ ᠢ ᠲᠡᠮᠳᠡᠭᠯᠡᠯ᠎ᠡ 

︽ᠳᠡᠯᠡᠬᠡᠢ ᠶᠢᠨ ᠬᠤᠷᠠᠮᠳᠤᠭᠤᠯᠤᠯ ᠤᠨ ᠡᠳᠦᠷ︾ ᠍ ᠢ ᠮᠣᠩᠭᠣᠯ ᠪᠠᠩᠬᠢ᠂ ᠬᠠᠳᠠᠭᠠᠯᠠᠮᠵᠢ ᠶᠢᠨ ᠳᠠᠭᠠᠳᠬᠠᠯ ᠤᠨ ᠺᠣᠷᠫᠣᠷᠠᠼ ᠂ ᠮᠣᠩᠭᠣᠯ ᠤᠨ ᠪᠠᠩᠬᠢᠨ ᠤ ᠬᠣᠯᠪᠣᠭ᠎ᠠ᠂ ᠬᠤᠯᠪᠤᠭᠠᠨ ᠤ ᠪᠦᠭᠦᠳᠡ ᠨᠠᠶᠢᠷᠠᠮᠳᠠᠬᠤ ᠭᠸᠷᠮᠡᠨ  ᠤᠯᠤᠰ᠍ ᠤᠨ ᠱᠫᠠᠷᠺᠠᠰᠰᠸ ᠪᠠᠩᠬᠢᠨ ᠤ ᠰᠠᠩ᠂ ᠠᠷᠠᠯᠵᠢᠶᠠᠨ ᠤ 7 ᠪᠠᠩᠬᠢ ᠲᠠᠢ ᠬᠠᠮᠲᠤᠷᠠᠨ ︽ᠬᠠᠷᠢᠭᠤᠴᠠᠯᠭ᠎ᠠ ᠲᠠᠢ ᠬᠠᠷᠢᠯᠴᠠᠭᠴᠢ-ᠬᠠᠷᠢᠭᠤᠴᠠᠯᠭ᠎ᠠ ᠲᠠᠢ ᠪᠠᠩᠬᠢ︾ ᠠᠶᠠᠨ ᠤ ᠬᠦᠷᠢᠶᠡᠨ ᠳᠦ ︽ᠬᠡᠮᠨᠡᠶ᠎ᠡ᠂  ᠬᠤᠷᠠᠮᠳᠤᠭᠤᠯᠤᠶ᠎ᠠ︾ ᠤᠷᠢᠶᠠᠨ ᠳᠣᠣᠷ᠎ᠠ 2019 ᠣᠨ ᠤ 11 ᠳ᠋ᠤᠭᠡᠷ ᠰᠠᠷ᠎ᠠ ᠶᠢᠨ 6᠂ 8 ᠍ ᠤ ᠡᠳᠦᠷ ᠳᠠᠷᠬᠠᠨ-ᠠᠭᠤᠯᠠ᠂ ᠣᠷᠬᠣᠨ ᠠᠶᠢᠮᠠᠭ ᠲᠤ ᠶᠣᠰᠣᠯᠠᠯ ᠲᠡᠭᠦᠯᠳᠡᠷ ᠲᠡᠮᠳᠡᠭᠯᠡᠪᠡ᠃
ᠵᠣᠬᠢᠶᠠᠨ ᠪᠠᠶᠢᠭᠤᠯᠤᠭᠴᠢᠳ ᠰᠠᠩᠬᠦᠦ ᠶᠢᠨ ᠮᠡᠳᠡᠯᠭᠡ ᠣᠯᠭᠣᠬᠤ ᠨᠣᠮ ᠭᠠᠷ ᠤᠨ ᠠᠪᠤᠯᠭ᠎ᠠ ᠲᠠᠨᠢᠯᠴᠠᠭᠤᠯᠭ᠎ᠠ ᠲᠦᠭᠡᠭᠡᠬᠦ᠂ ᠣᠯᠠᠨ ᠬᠡᠦᠬᠡᠳ ᠲᠦ ᠬᠠᠳᠠᠭᠠᠯᠠᠮᠵᠢ ᠶᠢᠨ ᠳᠠᠩᠰᠠ ᠨᠡᠭᠡᠭᠡᠬᠦ᠂  ᠬᠤᠷᠠᠮᠳᠤᠭᠤᠯᠤᠯ  ᠤᠨ ᠠᠴᠢ ᠲᠤᠰᠠ ᠶᠢ ᠲᠠᠨᠢᠭᠤᠯᠬᠤ ᠶᠢᠨ ᠵᠡᠷᠭᠡᠴᠡᠭᠡ ᠬᠡᠦᠬᠡᠳ ᠪᠠᠭᠠᠴᠤᠳ ᠤᠨ ᠳᠤᠮᠳᠠ ᠣᠯᠠᠨ ᠲᠥᠷᠥᠯ ᠦᠨ ᠬᠥᠭᠵᠢᠶᠡᠨᠲᠦ ᠲᠣᠭᠯᠠᠭᠠᠮ ᠲᠣᠭᠯᠠᠭᠤᠯᠬᠤ᠂ ᠤᠷᠠᠯᠢᠭ ᠤᠨ ᠲᠣᠭᠯᠠᠯᠲᠠ ᠦᠵᠡᠭᠦᠯᠵᠦ᠂ ᠭᠠᠷ ᠤᠨ ᠪᠡᠯᠡᠭ ᠪᠠᠷᠢᠪᠠ᠃ ᠨᠡᠭᠡᠭᠡᠯᠲᠡᠲᠡᠢ ᠠᠷᠭ᠎ᠠ ᠬᠡᠮᠵᠢᠶᠡᠨ ᠦ ᠦᠶ᠎ᠡ ᠪᠡᠷ ᠳᠠᠷᠬᠠᠨ-ᠠᠭᠤᠯᠠ᠂ ᠣᠷᠬᠣᠨ ᠠᠶᠢᠮᠠᠭ ᠳᠠᠬᠢ ᠮᠣᠩᠭᠣᠯ ᠪᠠᠩᠭᠢᠨ ᠤ ᠬᠡᠯᠲᠡᠰ᠂ ᠠᠷᠠᠯᠵᠢᠶᠠᠨ ᠤ ᠪᠠᠩᠬᠢ ᠨᠤᠭᠤᠳ ᠤᠨ ᠵᠠᠬᠢᠷᠤᠯ ᠤᠳ ᠲᠤ ᠦᠨᠳᠦᠰᠦᠨ ᠦ ᠬᠤᠷᠠᠮᠳᠤᠭᠤᠯᠤᠯ ᠤᠨ ᠪᠡᠯᠭᠡ ᠲᠡᠮᠳᠡᠭ ᠱᠠᠭᠠᠵᠠᠩ ᠲᠡᠮᠡᠭᠡ ᠶᠢ ᠭᠠᠷᠳᠠᠭᠤᠯᠤᠨ ᠥᠭᠪᠡ᠃

ᠰᠡᠳᠬᠢᠭᠳᠡᠯ ᠦᠯᠡᠳᠡᠭᠡᠬᠦ