ᠰᠤᠷᠤᠭᠴᠢᠳ ︽ᠮᠢᠨᠦ ᠨᠤᠲᠤᠭ – ᠮᠢᠨᠦ ᠪᠠᠬᠠᠷᠬᠠᠯ︾ ᠡᠺᠣ ᠠᠶᠠᠯᠠᠯ ᠳᠤ ᠤᠷᠤᠯᠴᠠᠪᠠ  | News.MN

ᠰᠤᠷᠤᠭᠴᠢᠳ ︽ᠮᠢᠨᠦ ᠨᠤᠲᠤᠭ – ᠮᠢᠨᠦ ᠪᠠᠬᠠᠷᠬᠠᠯ︾ ᠡᠺᠣ ᠠᠶᠠᠯᠠᠯ ᠳᠤ ᠤᠷᠤᠯᠴᠠᠪᠠ 

ᠠᠷᠤᠬᠠᠩᠭᠠᠢ ᠠᠶᠢᠮᠠᠭ ᠤᠨ ᠪᠠᠶᠢᠭᠠᠯᠢ ᠤᠷᠴᠢᠨ ᠠᠶᠠᠯᠠᠯ ᠵᠢᠭᠤᠯᠴᠢᠯᠠᠯ ᠤᠨ ᠭᠠᠵᠠᠷ ᠠᠴᠠ ︽ᠮᠢᠨᠦ ᠨᠤᠲᠤᠭ – ᠮᠢᠨᠦ ᠪᠠᠬᠠᠷᠬᠠᠯ︾ ᠰᠡᠳᠦᠪᠲᠦ ᠥᠰᠪᠦᠷᠢ ᠦᠶ᠎ᠡ ᠶᠢᠨ ᠬᠢᠨ ᠦ ᠡᠺᠣ ᠲᠠᠨᠢᠨ ᠮᠡᠳᠡᠬᠦᠢ ᠶᠢᠨ ᠠᠶᠠᠯᠠᠯ ᠢ ᠵᠣᠬᠢᠶᠠᠨ ᠪᠠᠶᠢᠭᠤᠯᠤᠯ᠎ᠠ᠃ ᠡᠶᠢᠮᠦ ᠠᠶᠠᠯᠠᠯ ᠢ ᠭᠤᠷᠪᠠᠳᠠᠬᠢ ᠤᠳᠠᠭ᠎ᠠ ᠪᠠᠨ ᠶᠠᠪᠤᠭᠤᠯᠵᠤ ᠪᠠᠶᠢᠭ᠎ᠠ ᠶᠤᠮ᠃ ᠠᠶᠠᠯᠠᠯ ᠳᠤ  ᠡᠷᠳᠡᠨᠢᠪᠤᠯᠠᠭᠠᠨ ᠰᠤᠮᠤ ᠶᠢᠨ  ᠭᠤᠷᠪᠠᠳᠤᠭᠠᠷ ᠰᠤᠷᠭᠠᠭᠤᠯᠢ ᠶᠢᠨ ︽ᠡᠺᠣ︾ ᠺᠯᠦ᠋ᠪ ᠤᠨ ᠰᠤᠷᠤᠭᠴᠢᠳ ᠤᠷᠤᠯᠴᠠᠵᠤ ᠂ ᠴᠡᠴᠡᠷᠯᠢᠭ ᠬᠣᠲᠠ ᠠᠴᠠ ᠬᠠᠰᠢᠶᠠᠲᠤ ᠰᠤᠮᠤ ᠶᠢᠨ ᠬᠥᠰᠢᠶ᠎ᠡ ᠴᠠᠶᠢᠳᠠᠮ ᠮᠦᠽᠧᠢ ᠳᠦ ᠣᠴᠢᠭᠰᠠᠨ ᠪᠠᠶᠢᠨ᠎ᠠ᠃ ᠵᠠᠮ ᠤᠨ ᠲᠤᠷᠰᠢᠳᠠ ᠪᠠᠶᠢᠭᠠᠯᠢ ᠤᠷᠴᠢᠨ ᠠᠶᠠᠯᠠᠯ ᠵᠢᠭᠤᠯᠴᠢᠯᠠᠯ ᠤᠨ ᠭᠠᠵᠠᠷ ᠤᠨ ᠮᠡᠷᠭᠡᠵᠢᠯᠲᠡᠳ ᠠᠷᠤᠬᠠᠩᠭᠠᠢ ᠠᠶᠢᠮᠠᠭ ᠲᠠᠢ ᠬᠣᠯᠪᠣᠭ᠎ᠠ ᠲᠠᠢ ᠲᠠᠨᠢᠨ ᠮᠡᠳᠡᠬᠦᠢ ᠶᠢᠨ ᠠᠰᠠᠭᠤᠯᠲᠠ ᠬᠠᠷᠢᠭᠤᠯᠲᠠ ᠶᠢ ᠰᠤᠷᠤᠭᠴᠢᠳ ᠤᠨ ᠳᠤᠮᠳᠠ ᠥᠷᠨᠢᠭᠦᠯᠵᠡᠢ᠃ ᠮᠥᠨ ᠰᠤᠷᠤᠭᠴᠢᠳ ᠲᠤ ᠬᠠᠷᠠᠬᠣᠷᠢᠨ ᠳ᠋ᠡᠬᠢ ᠬᠠᠷᠠᠬᠣᠷᠣᠮ ᠮᠦᠽᠧᠢ ᠶᠢ ᠦᠵᠡᠭᠦᠯᠦᠭᠰᠡᠨ ᠪᠠᠶᠢᠨ᠎ᠠ᠃
ᠡᠨᠡ ᠠᠶᠠᠯᠠᠯ ᠨᠢ ᠥᠰᠪᠦᠷᠢ ᠦᠶ᠎ᠡ ᠶᠢᠨ ᠬᠢᠨ ᠦ ᠡᠺᠣᠯᠣᠭᠢ ᠪᠣᠯᠤᠨ ᠲᠡᠦᠬᠡ ᠶᠢᠨ ᠮᠡᠳᠡᠯᠭᠡ ᠶᠢ ᠳᠡᠭᠡᠭᠰᠢᠯᠡᠭᠦᠯᠬᠦ᠂ ᠨᠤᠲᠤᠭ ᠤᠨ ᠢᠶᠠᠨ ᠰᠠᠶᠢᠬᠠᠨ ᠢᠶᠠᠷ ᠪᠠᠬᠠᠷᠬᠠᠬᠤ᠂ ᠲᠡᠭᠦᠪᠡᠷ ᠳᠠᠮᠵᠢᠭᠤᠯᠤᠨ ᠡᠬᠡ ᠣᠷᠣᠨᠴᠢ ᠬᠦᠮᠦᠵᠢᠯ ᠢ ᠲᠥᠯᠦᠪᠰᠢᠭᠦᠯᠬᠦ ᠵᠣᠷᠢᠯᠭ᠎ᠠ ᠲᠠᠢ ᠶᠤᠮ᠃

ᠰᠡᠳᠬᠢᠭᠳᠡᠯ ᠦᠯᠡᠳᠡᠭᠡᠬᠦ