ᠭᠧᠷᠮᠠᠨ ᠳᠤ ᠬᠤᠳᠠᠯᠳᠤᠭᠠᠨ ᠤ ᠲᠥᠯᠥᠭᠡᠯᠡᠭᠴᠢ ᠶᠢᠨ ᠭᠠᠵᠠᠷ ᠢ ᠨᠡᠭᠡᠭᠡᠯ᠎ᠡ  | News.MN

ᠭᠧᠷᠮᠠᠨ ᠳᠤ ᠬᠤᠳᠠᠯᠳᠤᠭᠠᠨ ᠤ ᠲᠥᠯᠥᠭᠡᠯᠡᠭᠴᠢ ᠶᠢᠨ ᠭᠠᠵᠠᠷ ᠢ ᠨᠡᠭᠡᠭᠡᠯ᠎ᠡ 

ᠬᠤᠯᠪᠤᠭᠠᠨ ᠤ ᠪᠦᠭᠦᠳᠡ ᠨᠠᠶᠢᠷᠠᠮᠳᠠᠬᠤ ᠭᠸᠷᠮᠡᠨ ᠤᠯᠤᠰ ᠲᠤ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠨ ᠲᠥᠯᠥᠭᠡᠯᠡᠭᠴᠢ ᠶᠢᠨ ᠭᠠᠵᠠᠷ ᠢ ᠠᠯᠪᠠᠨ ᠶᠣᠰᠣᠭᠠᠷ ᠨᠡᠭᠡᠭᠡᠵᠦ᠂ ᠬᠣᠶᠠᠷ ᠲᠠᠯ᠎ᠠ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ᠪᠠᠶᠢᠭᠤᠯᠤᠯ᠎ᠠ᠃ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠨ ᠶᠡᠷᠦᠩᠬᠡᠶᠢᠯᠡᠭᠴᠢ ᠣ᠊∙ᠠᠮᠤᠷᠲᠦ᠋ᠪᠰᠢᠨ ᠭᠸᠷᠮᠡᠨ ᠦ ᠺᠣᠲ᠋ᠲ᠋ᠪᠦ᠋ᠰ ᠬᠣᠲᠠ ᠶᠢᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠨ ᠶᠡᠷᠦᠩᠬᠡᠶᠢᠯᠡᠭᠴᠢ ᠫ∙ᠺᠣᠫᠹ ᠤᠨ ᠤᠷᠢᠯᠭ᠎ᠠ ᠪᠠᠷ ᠲᠤᠰ ᠤᠯᠤᠰ ᠲᠤ ᠠᠵᠢᠯ ᠤᠨ ᠠᠯᠪᠠᠨ ᠠᠶᠢᠯᠴᠢᠯᠠᠯ ᠬᠢᠵᠦ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠨ ᠲᠥᠯᠥᠭᠡᠯᠡᠭᠴᠢ ᠶᠢᠨ ᠭᠠᠵᠠᠷ ᠢ ᠠᠯᠪᠠᠨ ᠶᠣᠰᠣᠭᠠᠷ ᠨᠡᠭᠡᠭᠡᠵᠦ᠂ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠯ᠎ᠠ᠃

ᠲᠥᠯᠥᠭᠡᠯᠡᠭᠴᠢ ᠶᠢᠨ ᠭᠠᠵᠠᠷ ᠨᠢ ᠬᠣᠶᠠᠷ ᠤᠯᠤᠰ ᠤᠨ ᠡᠳ᠋ ᠦᠨ ᠵᠠᠰᠠᠭ ᠤᠨ ᠪᠣᠯᠤᠨ ᠬᠤᠳᠠᠯᠳᠤᠭᠠᠨ ᠤ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠲᠡᠯᠡᠬᠦ᠂ ᠳᠡᠯᠡᠬᠡᠢ ᠳᠦ ᠲᠡᠷᠢᠭᠦᠯᠡᠬᠦ ᠲᠧᠭᠨᠢᠭ ᠲᠧᠭᠨᠣᠯᠣᠭᠢ ᠶᠢᠨ ᠥᠯᠥᠭᠡᠢ ᠨᠤᠲᠤᠭ ᠭᠧᠷᠮᠠᠨ ᠤ ᠺᠣᠮᠫᠠᠨᠢ ᠨᠤᠭᠤᠳ ᠲᠠᠢ ᠥᠷᠭᠡᠨ ᠬᠠᠷᠢᠯᠴᠠᠭ᠎ᠠ ᠬᠣᠯᠪᠣᠭ᠎ᠠ ᠲᠣᠭᠲᠠᠭᠠᠬᠤ᠂ ᠬᠠᠮᠲᠤᠷᠠᠭᠰᠠᠨ ᠲᠥᠰᠥᠯ ᠬᠥᠲᠥᠯᠪᠦᠷᠢ ᠬᠡᠷᠡᠭᠵᠢᠭᠦᠯᠬᠦ᠂ ᠡᠳ᠋ ᠦᠨ ᠵᠠᠰᠠᠭ᠂ ᠬᠤᠳᠠᠯᠳᠤᠭᠠᠨ ᠤ ᠪᠣᠳᠠᠲᠤ ᠦᠷ᠎ᠡ ᠳ᠋ᠦᠩ ᠭᠠᠷᠭᠠᠬᠤ ᠳᠤ ᠴᠢᠭᠯᠡᠨ ᠠᠵᠢᠯᠯᠠᠨ᠎ᠠ ᠭᠡᠳᠡᠭ ᠢ ᠲᠡᠷᠡ ᠪᠡᠷ ᠣᠨᠴᠠᠯᠠᠯ᠎ᠠ᠃

ᠰᠡᠳᠬᠢᠭᠳᠡᠯ ᠦᠯᠡᠳᠡᠭᠡᠬᠦ