ᠬᠦᠮᠦᠨ ᠠᠮᠠ 2030 ᠣᠨ ᠳᠤ ᠳᠥᠷᠪᠡᠨ ᠰᠠᠶ᠎ᠠ ᠳᠤ ᠬᠦᠷᠦᠨ᠎ᠡ  | News.MN

ᠬᠦᠮᠦᠨ ᠠᠮᠠ 2030 ᠣᠨ ᠳᠤ ᠳᠥᠷᠪᠡᠨ ᠰᠠᠶ᠎ᠠ ᠳᠤ ᠬᠦᠷᠦᠨ᠎ᠡ 

ᠥᠨᠥᠳᠥᠷ ᠦᠨ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠥᠳᠡᠯᠮᠦᠷᠢ ᠨᠡᠶᠢᠭᠡᠮ ᠤᠨ ᠬᠠᠮᠠᠭᠠᠯᠠᠯ ᠤᠨ ᠰᠠᠯᠪᠤᠷᠢ ᠳᠤ 2020-2024 ᠣᠨ ᠳᠤ ᠬᠡᠷᠡᠭᠵᠢᠭᠦᠯᠬᠦ ᠪᠣᠳᠣᠯᠭ᠎ᠠ᠂ ᠬᠥᠷᠥᠩᠭᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠲᠥᠰᠥᠭᠡᠯᠡᠯ ᠦᠨ ᠲᠠᠯ᠎ᠠ ᠪᠠᠷ ᠬᠡᠯᠡᠯᠴᠡᠭᠰᠡᠨ ᠪᠠᠶᠢᠨ᠎ᠠ᠃ ᠬᠦᠮᠦᠨ ᠠᠮᠠ ᠶᠢᠨ ᠰᠢᠨᠡᠴᠢᠯᠡᠭᠰᠡᠨ ᠬᠡᠲᠦ ᠶᠢᠨ ᠲᠣᠭᠠᠴᠠᠭ᠎ᠠ ᠪᠠᠷ ᠮᠠᠨ ᠤ ᠤᠯᠤᠰ ᠤᠨ ᠬᠦᠮᠦᠨ ᠠᠮᠠ 2030 ᠣᠨ ᠳᠤ ᠳᠥᠷᠪᠡᠨ ᠰᠠᠶ᠎ᠠ᠂ 2045 ᠣᠨ ᠳᠤ ᠲᠠᠪᠤᠨ ᠰᠠᠶ᠎ᠠ ᠬᠦᠷᠬᠦ ᠲᠥᠯᠥᠪᠲᠡᠢ ᠪᠠᠶᠢᠭ᠎ᠠ ᠶᠤᠮ᠃ ᠥᠨᠥᠳᠥᠷ ᠮᠣᠩᠭᠣᠯ ᠤᠯᠤᠰ ᠤᠨ ᠬᠦᠮᠦᠨ ᠠᠮᠠ ᠰᠲ᠋ᠠᠲ᠋ᠢᠰᠲ᠋ᠢᠺ ᠤᠨ ᠦᠨᠳᠦᠰᠦᠨ ᠦ ᠬᠣᠷᠢᠶᠠᠨ ᠤ ᠮᠡᠳᠡᠭᠡᠯᠡᠭᠰᠡᠨ ᠢᠶᠡᠷ 3238479 ᠪᠠᠶᠢᠨ᠎ᠠ᠃ ᠮᠣᠩᠭᠣᠯ ᠤᠯᠤᠰ ᠠᠩᠬ᠎ᠠ 1918 ᠣᠨ ᠳᠤ ᠬᠦᠮᠦᠨ ᠠᠮᠠ ᠪᠠᠨ ᠲᠣᠭᠠᠯᠠᠭᠰᠠᠨ᠃ ᠲᠡᠷᠡ ᠲᠣᠭᠠᠯᠠᠯᠭ᠎ᠠ ᠪᠠᠷ 647500 ᠬᠦᠮᠦᠨ ᠠᠮᠠ ᠲᠠᠢ ᠪᠠᠶᠢᠪᠠ᠃ ᠲᠡᠭᠦᠨ ᠦ ᠳᠠᠷᠠᠭ᠎ᠠ ᠪᠠᠷ 1962 ᠣᠨ ᠳᠤ ᠰᠠᠶ᠎ᠠ ᠳ᠋ᠡᠬᠢ ᠢᠷᠭᠡᠨ ᠢᠶᠡᠨ ᠬᠦᠯᠢᠶᠡᠵᠦ ᠠᠪᠤᠭᠰᠠᠨ᠃ ᠳᠠᠷᠠᠭ᠎ᠠ ᠨᠢ 26 ᠵᠢᠯ ᠦᠨ ᠳᠠᠷᠠᠭ᠎ᠠ ᠪᠤᠶᠤ 1988 ᠣᠨ ᠳᠤ ᠬᠣᠶᠠᠷ ᠰᠠᠶ᠎ᠠ ᠳ᠋ᠡᠬᠢ ᠢᠷᠭᠡᠨ ᠢᠶᠡᠨ᠂ 27 ᠵᠢᠯ ᠦᠨ ᠳᠠᠷᠠᠭ᠎ᠠ ᠪᠤᠶᠤ 2015 ᠣᠨ ᠳᠤ ᠭᠤᠷᠪᠠᠨ ᠰᠠᠶ᠎ᠠ ᠳ᠋ᠡᠬᠢ ᠢᠷᠭᠡᠨ ᠢᠶᠡᠨ ᠥᠯᠥᠭᠡᠶᠢᠳᠡᠨ ᠠᠪᠤᠭᠰᠠᠨ᠃ ᠵᠢᠯ ᠳᠦ ᠳᠤᠮᠳᠠᠴᠢ ᠪᠠᠷ ᠮᠣᠩᠭᠣᠯ ᠤᠯᠤᠰ 80 ᠣᠷᠴᠢᠮ ᠮᠢᠩᠭᠠᠨ ᠬᠡᠦᠬᠡᠳ ᠥᠯᠥᠭᠡᠶᠢᠳᠡᠨ ᠠᠪᠳᠠᠭ᠃ ᠬᠡᠳᠦᠢ ᠪᠡᠷ ᠲᠦᠷᠦᠯᠲᠡ ᠲᠣᠭᠲᠠᠪᠤᠷᠢᠲᠠᠢ ᠥᠰᠴᠦ ᠪᠠᠶᠢᠭ᠎ᠠ ᠴᠤ ᠠᠬᠠᠮᠠᠳ ᠨᠠᠰᠤᠲᠠᠨ ᠤ ᠲᠣᠭ᠎ᠠ ᠢᠯᠡᠭᠦᠦ ᠬᠤᠷᠳᠤᠴᠠ ᠲᠠᠢ ᠥᠰᠴᠦ᠂ ᠨᠡᠶᠢᠲᠡ ᠬᠦᠮᠦᠨ ᠠᠮᠠ ᠳᠤ ᠡᠵᠡᠯᠡᠬᠦ ᠠᠬᠠᠮᠠᠳ ᠨᠠᠰᠤᠲᠠᠨ ᠤ ᠲᠣᠭ᠎ᠠ 2030 ᠣᠨ ᠳᠤ 12.9 ᠬᠤᠪᠢ᠂ 2045 ᠣᠨ ᠳᠤ 16.3 ᠬᠤᠪᠢ ᠪᠣᠯᠵᠤ ᠣᠳᠣ ᠶᠢᠨ ᠬᠢ ᠠᠴᠠ ᠬᠣᠶᠠᠷ ᠳᠠᠬᠢᠨ ᠨᠡᠮᠡᠭᠳᠡᠬᠦ ᠪᠡᠷ ᠪᠠᠶᠢᠭ᠎ᠠ ᠶᠤᠮ ᠪᠠᠶᠢᠨ᠎ᠠ᠃ ᠡᠶᠢᠮᠦ ᠡᠴᠡ ᠬᠦᠮᠦᠨ ᠠᠮᠠ ᠶᠢᠨ ᠥᠰᠦᠯᠲᠡ ᠶᠢ ᠳᠡᠮᠵᠢᠬᠦ᠂ ᠥᠰᠪᠦᠷᠢ ᠦᠶ᠎ᠡ᠂ ᠵᠠᠯᠠᠭᠤᠴᠤᠳ ᠤᠨ ᠬᠥᠭᠵᠢᠯ᠂ ᠨᠡᠶᠢᠭᠡᠮ ᠤᠨ ᠬᠠᠮᠠᠭᠠᠯᠠᠯ ᠢ ᠨᠢ ᠰᠠᠶᠢᠵᠢᠷᠠᠭᠤᠯᠬᠤ ᠴᠢᠭᠯᠡᠯ ᠢᠶᠡᠷ ᠳᠣᠷᠪᠢᠲᠠᠢ ᠠᠷᠭ᠎ᠠ ᠬᠡᠮᠵᠢᠶ᠎ᠡ ᠠᠪᠬᠤ ᠨᠢ ᠵᠦᠢᠲᠡᠢ ᠭᠡᠵᠦ ᠬᠤᠷᠠᠯᠳᠤᠭᠠᠨ ᠢᠶᠠᠷ ᠦᠵᠡᠵᠡᠢ᠃
ᠲᠥᠰᠥᠭᠡᠯᠡᠯ ᠳᠦ ᠲᠤᠰᠬᠠᠭᠰᠠᠨ ᠠᠴᠠ ᠦᠵᠡᠪᠡᠯ ᠨᠡᠶᠢᠭᠡᠮ ᠤᠨ ᠬᠠᠮᠠᠭᠠᠯᠠᠯ ᠤᠨ ᠦᠢᠯᠡᠴᠢᠯᠡᠭᠡ ᠶᠢ ᠣᠨᠣᠪᠴᠢᠲᠠᠢ ᠪᠣᠯᠭᠠᠵᠤ᠂ ᠵᠣᠷᠢᠯᠲᠠᠲᠤ ᠪᠦᠯᠦᠭ ᠲᠦ ᠰᠢᠯᠵᠢᠭᠦᠯᠦᠨ᠎ᠡ᠂ ᠨᠡᠶᠢᠭᠡᠮ ᠤᠨ ᠳᠠᠭᠠᠳᠬᠠᠯ ᠤᠨ ᠰᠠᠩ ᠠᠴᠠ ᠣᠯᠭᠣᠬᠤ ᠲᠡᠳᠬᠦᠪᠦᠷᠢ ᠶᠢᠨ ᠬᠡᠮᠵᠢᠶ᠎ᠡ ᠶᠢ ᠢᠨᠹᠯᠢᠶᠠᠼ ᠤᠨ ᠲᠦᠪᠰᠢᠨ ᠲᠡᠢ ᠤᠶᠠᠯᠳᠤᠭᠤᠯᠤᠨ ᠵᠢᠯ ᠪᠦᠷᠢ ᠨᠡᠮᠡᠬᠦ ᠭᠡᠨ᠎ᠡ᠃ ᠮᠥᠨ ᠲᠡᠳᠬᠦᠪᠦᠷᠢ ᠶᠢᠨ ᠵᠦᠷᠢᠶ᠎ᠡ ᠶᠢ ᠠᠷᠢᠯᠭᠠᠵᠤ᠂ ᠲᠡᠳᠬᠦᠪᠦᠷᠢ ᠶᠢᠨ ᠣᠯᠠᠨ ᠳᠠᠪᠬᠤᠷᠭᠠᠲᠤ ᠲᠣᠭᠲᠠᠯᠴᠠᠭ᠎ᠠ ᠪᠦᠷᠢᠳᠦᠭᠦᠯᠵᠦ᠂ ᠦᠶ᠎ᠡ ᠱᠠᠲᠤ ᠲᠠᠢ ᠨᠡᠪᠲᠡᠷᠡᠭᠦᠯᠬᠦ ᠵᠣᠷᠢᠯᠲᠠ ᠲᠠᠯᠪᠢᠭᠰᠠᠨ᠃ ᠠᠵᠢᠯ  ᠦᠭᠡᠶᠢᠳᠡᠯ᠂ ᠶᠠᠳᠠᠭᠤᠷᠠᠯ ᠢ ᠪᠠᠭᠤᠷᠠᠭᠤᠯᠵᠤ᠂ ᠡᠷᠢᠯᠲᠡ ᠳᠦ ᠨᠡᠶᠢᠴᠡᠭᠰᠡᠨ ᠠᠵᠢᠯᠯᠠᠬᠤ ᠬᠦᠴᠦᠨ ᠪᠡᠯᠡᠳᠬᠡᠬᠦ ᠪᠣᠳᠣᠯᠭ᠎ᠠ ᠬᠡᠷᠡᠭᠵᠢᠭᠦᠯᠦᠨ ᠵᠠᠯᠠᠭᠤᠴᠤᠳ ᠤᠨ ᠬᠥᠳᠡᠯᠮᠦᠷᠢ ᠡᠷᠬᠢᠯᠡᠯᠲᠡ ᠶᠢ ᠳᠡᠮᠵᠢᠬᠦ ᠨᠢ ᠴᠤ ᠡᠷᠬᠡ ᠪᠠᠷᠢᠭᠴᠢ ᠨᠠᠮ ᠤᠨ ᠮᠥᠷ ᠦᠨ ᠬᠥᠲᠥᠯᠪᠦᠷᠢ ᠳᠦ ᠲᠤᠰᠤᠭᠰᠠᠨ᠃

ᠰᠡᠳᠬᠢᠭᠳᠡᠯ ᠦᠯᠡᠳᠡᠭᠡᠬᠦ