ᠲᠦᠰᠦᠪ ᠦᠨ ᠲᠦᠰᠦᠭᠡᠯᠡᠯ ᠢ ᠪᠠᠲᠤᠯᠠᠯ᠎ᠠ | News.MN

 ᠲᠦᠰᠦᠪ ᠦᠨ ᠲᠦᠰᠦᠭᠡᠯᠡᠯ ᠢ ᠪᠠᠲᠤᠯᠠᠯ᠎ᠠ

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠲᠥᠰᠥᠪ ᠦᠨ ᠬᠦᠷᠢᠶᠡᠨ ᠦ ᠮᠡᠳᠡᠭᠳᠡᠯ᠂ 2021-2022 ᠣᠨ ᠤ ᠲᠥᠰᠥᠪ ᠦᠨ ᠲᠥᠰᠥᠭᠡᠯᠡᠯ ᠦᠨ ᠡᠴᠦᠰ ᠦᠨ ᠬᠡᠯᠡᠯᠴᠡᠭᠦᠯᠭᠡ ᠶᠢ ᠬᠢᠯ᠎ᠡ᠃ ᠬᠡᠯᠡᠯᠴᠡᠵᠦ ᠪᠠᠶᠢᠭ᠎ᠠ ᠠᠰᠠᠭᠤᠳᠠᠯ ᠲᠠᠢ ᠬᠣᠯᠪᠣᠭᠳᠠᠭᠤᠯᠤᠨ ᠭᠡᠰᠢᠭᠦᠳ ᠠᠰᠠᠭᠤᠯᠲᠠ ᠲᠠᠯᠪᠢᠵᠤ᠂ ᠬᠠᠷᠢᠭᠤᠯᠲᠠ ᠠᠪᠤᠪᠠ᠃
ᠭ∙ᠲᠡᠮᠡᠦᠯᠦᠨ᠄ ᠲᠡᠳᠬᠦᠪᠦᠷᠢ ᠶᠢᠨ ᠳᠤᠤᠷᠠᠳᠤ ᠬᠡᠮᠵᠢᠶ᠎ᠡ ᠶᠢ ᠨᠡᠮᠡᠭᠳᠡᠭᠦᠯᠬᠦ ᠠᠷᠭ᠎ᠠ ᠪᠠᠶᠢᠨ᠎ᠠ ᠤᠤ᠂ ᠵᠢᠯ ᠳᠦ 10000-20000 ᠲᠥᠭᠥᠷᠢᠭ ᠢᠶᠡᠷ ᠨᠡᠮᠡᠭᠳᠡᠭᠦᠯᠵᠦ ᠪᠠᠶᠢᠬᠤ ᠪᠠᠷ ᠠᠬᠢᠭᠤᠬᠠᠨ ᠨᠡᠮᠡᠭᠳᠡᠭᠦᠯᠬᠦ ᠪᠣᠯᠤᠯᠴᠠᠭ᠎ᠠ ᠪᠠᠶᠢᠨ᠎ᠠ ᠤᠤ᠃ ᠶᠠᠳᠠᠵᠤ ᠲᠡᠳᠬᠦᠪᠦᠷᠢ ᠶᠢᠨ ᠳᠤᠤᠷᠠᠳᠤ ᠬᠡᠮᠵᠢᠶ᠎ᠡ 320 ᠮᠢᠩᠭᠠᠨ ᠲᠥᠭᠥᠷᠢᠭ ᠢ ᠠᠬᠢᠭᠤᠯᠬᠤ ᠬᠡᠷᠡᠭᠲᠡᠢ ᠪᠠᠶᠢᠨ᠎ᠠ᠃ ᠭᠤᠷᠪᠠᠳᠤᠭᠠᠷ ᠬᠡᠯᠡᠯᠴᠡᠭᠦᠯᠭᠡ ᠪᠡᠷ 300 ᠣᠷᠴᠢᠮ ᠲᠡᠷᠪᠤᠮ ᠲᠥᠭᠥᠷᠢᠭ ᠢᠶᠡᠷ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ ᠪᠡᠷ ᠲᠡᠳᠬᠦᠪᠦᠷᠢ ᠨᠡᠮᠡᠬᠦ ᠬᠡᠷᠡᠭᠲᠡᠢ ᠪᠠᠶᠢᠭᠰᠠᠨ ᠶᠤᠮ ᠪᠢᠰᠢ ᠦᠦ ︖
ᠳ∙ᠲᠣᠭᠲᠠᠬᠤᠰᠦ᠋ᠷᠦᠩ᠄ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠵᠠᠬᠢᠷᠤᠮᠵᠢ ᠪᠠᠷ ᠪᠠᠶᠢᠭᠤᠯᠤᠭᠳᠠᠭᠰᠠᠨ ᠠᠵᠢᠯ ᠤᠨ ᠬᠡᠰᠡᠭ 2020 ᠣᠨ ᠤ ᠤᠯᠤᠰ ᠤᠨ ᠲᠥᠰᠥᠪ᠂ ᠲᠥᠰᠥᠪ ᠦᠨ ᠬᠦᠷᠢᠶᠡᠨ ᠦ ᠮᠡᠳᠡᠭᠳᠡᠯ᠂ ᠲᠥᠰᠥᠪ ᠦᠨ ᠲᠥᠰᠥᠭᠡᠯᠡᠯ᠂ ᠵᠠᠰᠠᠭ ᠤᠨ ᠭᠠᠵᠠᠷ ᠤᠨ ᠲᠤᠰᠬᠠᠢ ᠰᠠᠩ ᠤᠨ ᠬᠠᠤᠯᠢ ᠳᠡᠭᠡᠷ᠎ᠡ ᠠᠵᠢᠯᠯᠠᠭᠰᠠᠨ᠃ ᠪᠠᠭ᠎ᠠ ᠲᠡᠳᠬᠦᠪᠦᠷᠢ ᠲᠡᠢ ᠬᠦᠮᠦᠰ ᠦᠨ ᠲᠡᠳᠬᠦᠪᠦᠷᠢ ᠶᠢ ᠨᠡᠮᠡᠭᠳᠡᠭᠦᠯᠬᠦ ᠲᠠᠯ᠎ᠠ ᠪᠠᠷ ᠠᠵᠢᠯᠯᠠᠭ᠎ᠠ ᠦᠭᠡᠢ᠃ ᠵᠥᠪᠬᠡᠨ ᠵᠠᠷᠢᠮ ᠣᠯᠠᠨ ᠬᠡᠦᠬᠡᠳ ᠲᠡᠢ ᠡᠬᠡᠴᠦᠳ ᠦᠨ ᠲᠡᠳᠬᠦᠪᠦᠷᠢ ᠶᠢ ᠨᠡᠮᠡᠭᠳᠡᠭᠦᠯᠬᠦ ᠲᠠᠯ᠎ᠠ ᠪᠠᠷ ᠠᠵᠢᠯᠯᠠᠭᠰᠠᠨ᠃
ᠣ᠊∙ᠪᠠᠰᠠᠩᠬᠦᠦ᠄ ᠲᠡᠳᠬᠦᠪᠦᠷᠢ ᠨᠡᠮᠡᠭᠳᠡᠭᠰᠡᠨ ᠢᠶᠡᠷ ᠠᠮᠢᠳᠤᠷᠠᠯ ᠡᠮᠦᠨᠡᠬᠢ ᠡᠴᠡ ᠪᠡᠨ ᠳᠡᠭᠡᠭᠰᠢᠯᠡᠬᠦ ᠦᠦ ᠂ ᠲᠥᠷᠥ ᠶᠢᠨ ᠠᠯᠪᠠᠨ ᠬᠠᠭᠠᠭᠴᠢᠳ ᠤᠨ ᠴᠠᠯᠢᠩ ᠬᠡᠵᠢᠶᠡᠨ ᠡᠴᠡ ᠨᠡᠮᠡᠭᠳᠡᠵᠦ ᠪᠠᠶᠢᠨ᠎ᠠ︖ ᠲᠡᠷᠡ ᠨᠢ ᠠᠮᠢᠳᠤᠷᠠᠯ ᠠᠬᠤᠢ ᠳᠤ ᠨᠢ ᠳᠡᠮ ᠪᠣᠯᠵᠤ ᠪᠠᠶᠢᠨ᠎ᠠ ᠤᠤ᠃ ᠵᠢᠷᠭᠤᠭᠠᠨ ᠰᠠᠷ᠎ᠠ ᠶᠢᠨ ᠲᠥᠰᠥᠭᠡᠯᠡᠯ ᠢᠶᠡᠷ ᠬᠢᠭᠰᠡᠨ ᠦᠦ᠂ ᠵᠢᠯ ᠦᠨ ᠲᠥᠰᠥᠭᠡᠯᠡᠯ ᠢᠶᠡᠷ ᠬᠢᠭᠰᠡᠨ ᠦᠦ᠂ ᠰᠠᠩ ᠤᠨ ᠰᠠᠶᠢᠳ ᠨᠢ 1.3 ᠶᠡᠬᠡ ᠨᠠᠶᠤᠳ ᠲᠥᠭᠥᠷᠢᠭ ᠢᠶᠡᠷ ᠲᠥᠰᠥᠪ ᠦᠨ ᠣᠷᠣᠯᠭ᠎ᠠ ᠲᠠᠰᠤᠷᠠᠯ᠎ᠠ ᠭᠡᠳ ᠪᠠᠶᠢᠳᠠᠭ᠃ ᠲᠥᠰᠥᠪ ᠦᠨ ᠪᠠᠶᠢᠩᠭᠤ ᠶᠢᠨ ᠬᠣᠷᠢᠶᠠᠨ ᠤ ᠳᠠᠷᠤᠭ᠎ᠠ ᠨᠢ ᠨᠡᠶᠢᠭᠡᠮ ᠤᠨ ᠳᠠᠭᠠᠳᠬᠠᠯ ᠤᠨ ᠰᠢᠮᠡᠳᠭᠡᠯ ᠪᠣᠯᠬᠤ ᠪᠠᠨ ᠪᠠᠶᠢᠯ᠎ᠠ ᠭᠡᠵᠦ ᠪᠠᠶᠢᠨ᠎ᠠ᠃

ᠳ∙ᠲᠣᠭᠲᠠᠬᠤᠰᠦ᠋ᠷᠦᠩ᠄ ᠲᠡᠳᠬᠦᠪᠦᠷᠢ᠂ ᠴᠠᠯᠢᠩ ᠢ 2020 ᠣᠨ ᠤ ᠤᠯᠤᠰ ᠤᠨ ᠲᠥᠰᠥᠪ ᠲᠦ ᠨᠢᠭᠡᠳᠦᠭᠡᠷ ᠰᠠᠷ᠎ᠠ ᠶᠢᠨ ᠨᠢᠭᠡᠨ ᠡᠴᠡ ᠢᠨᠹᠯᠢᠶᠠᠼ ᠤᠨ ᠲᠦᠪᠰᠢᠨ ᠲᠡᠢ ᠤᠶᠠᠯᠳᠤᠭᠤᠯᠵᠤ ᠨᠠᠢᠮᠠᠨ ᠬᠤᠪᠢ ᠪᠠᠷ ᠨᠡᠮᠡᠨ᠎ᠡ᠃ ᠲᠥᠷᠥ ᠶᠢᠨ ᠦᠢᠯᠡᠴᠢᠯᠡᠭᠡᠨ ᠦ ᠠᠯᠪᠠᠨ ᠬᠠᠭᠠᠭᠴᠢᠳ ᠲᠤ ᠤᠳᠠᠭᠠᠨ ᠵᠢᠯ ᠦᠨ ᠨᠡᠮᠡᠭᠳᠡᠯ ᠣᠯᠭᠤᠨ᠎ᠠ᠃ ᠬᠤᠪᠢ ᠶᠢᠨ ᠬᠡᠪᠰᠢᠯ ᠢ ᠳᠡᠮᠵᠢᠬᠦ ᠴᠢᠭᠯᠡᠯ ᠢᠶᠡᠷ ᠣᠯᠠᠨ ᠴᠢᠬᠤᠯᠠ ᠠᠷᠭ᠎ᠠ ᠬᠡᠮᠵᠢᠶ᠎ᠡ ᠠᠪᠬᠤ ᠪᠠᠷ ᠲᠤᠰᠬᠠᠭᠰᠠᠨ᠃  ᠵᠢᠵᠢᠭ ᠳᠤᠮᠳᠠ ᠦᠢᠯᠡᠳᠪᠤᠷᠢᠯᠡᠯ ᠢ ᠳᠠᠮᠵᠢᠬᠦ ᠰᠠᠩ ᠢ ᠬᠡᠪ ᠢᠶᠡᠷ ᠪᠠᠶᠢᠯᠭᠠᠬᠤ ᠪᠠᠷ ᠳᠡᠮᠵᠢᠭᠰᠡᠨ᠃ 2020 ᠣᠨ ᠤ ᠬᠤᠪᠢ ᠳᠤ ᠵᠢᠵᠢᠭ ᠳᠤᠮᠳᠠ ᠦᠢᠯᠡᠳᠪᠤᠷᠢᠯᠡᠯ ᠢ ᠳᠠᠮᠵᠢᠬᠦ ᠰᠠᠩ ᠍ ᠦᠨ ᠡᠷᠭᠢᠨ ᠲᠥᠯᠦᠯᠲᠡ ᠡᠴᠡ 69 ᠲᠡᠷᠪᠤᠮ ᠲᠥᠭᠥᠷᠢᠭ ᠡᠷᠭᠢᠵᠦ ᠲᠥᠪᠯᠡᠷᠡᠨ᠎ᠡ ᠭᠡᠵᠦ ᠲᠣᠭᠠᠴᠠᠭᠰᠠᠨ᠃

ᠰᠡᠳᠬᠢᠭᠳᠡᠯ ᠦᠯᠡᠳᠡᠭᠡᠬᠦ