ᠮᠣᠰᠺᠸᠠ ᠳᠤ ᠬᠦᠨᠳᠦᠲᠦ ᠳ᠋ᠣᠺᠲ᠋ᠣᠷ ᠪᠤᠯᠪᠠ | News.MN

ᠮᠣᠰᠺᠸᠠ ᠳᠤ ᠬᠦᠨᠳᠦᠲᠦ ᠳ᠋ᠣᠺᠲ᠋ᠣᠷ ᠪᠤᠯᠪᠠ

ᠮᠣᠰᠺᠸᠠ ᠬᠣᠲᠠ ᠶᠢᠨ ᠪᠡᠶ᠎ᠡ ᠶᠢᠨ ᠲᠠᠮᠢᠷ᠂ ᠰᠫᠣᠷᠲ᠂ ᠵᠠᠯᠠᠭᠤᠴᠤᠳ᠂ ᠠᠶᠠᠯᠠᠯ ᠵᠢᠭᠤᠯᠴᠢᠯᠠᠯ ᠤᠨ ᠶᠡᠬᠡ ᠰᠤᠷᠭᠠᠭᠤᠯᠢ ᠳᠤ ᠮᠣᠩᠭᠣᠯ ᠤᠯᠤᠰ ᠤᠨ ᠪᠡᠶ᠎ᠡ ᠶᠢᠨ ᠲᠠᠮᠢᠷ᠂ ᠰᠫᠣᠷᠲ ᠤᠨ ᠳᠡᠭᠡᠳᠦ ᠪᠣᠯᠪᠠᠰᠤᠷᠠᠯ ᠤᠨ ᠪᠣᠯᠪᠠᠰᠤᠨ ᠬᠦᠴᠦᠨ ᠢ 1950 ᠍ ᠊ᠭᠠᠳ ᠣᠨ ᠤ ᠳᠤᠮᠳᠠ ᠦᠶᠡᠰ ᠪᠡᠯᠡᠳᠴᠦ ᠡᠬᠢᠯᠡᠭᠰᠡᠨ ᠲᠡᠦᠬᠡ ᠲᠡᠢ ᠪᠢᠯᠡ᠃ ᠲᠤᠰ ᠶᠡᠬᠡ ᠰᠤᠷᠭᠠᠭᠤᠯᠢ ᠶᠢ ᠮᠠᠨ ᠤ ᠤᠯᠤᠰ ᠤᠨ ᠨᠡᠷᠡᠲᠦ ᠳᠠᠰᠬᠠᠯᠵᠢᠭᠤᠯᠤᠭᠴᠢ᠂ ᠪᠠᠭᠰᠢ ᠨᠠᠷ ᠲᠡᠭᠦᠰᠦᠨ ᠭᠠᠷᠤᠭᠰᠠᠨ ᠶᠤᠮ᠃ ᠨᠡᠶᠢᠲᠡ 150 ᠭᠠᠷᠤᠢ ᠮᠡᠷᠭᠡᠵᠢᠯᠲᠡᠨ ᠲᠡᠭᠦᠰᠦᠭᠰᠡᠨ ᠪᠦᠭᠡᠳ 400 ᠭᠠᠷᠤᠢ ᠮᠡᠷᠭᠡᠵᠢᠯᠲᠡᠨ᠂ ᠪᠠᠭᠰᠢ᠂ ᠳᠠᠰᠬᠠᠯᠵᠢᠭᠤᠯᠤᠭᠴᠢ ᠨᠠᠷ ᠤᠷᠲᠤ᠂ ᠪᠣᠭᠣᠨᠢ ᠬᠤᠭᠤᠴᠠᠭ᠎ᠠ ᠪᠠᠷ ᠮᠡᠷᠭᠡᠵᠢᠯ ᠳᠡᠭᠡᠭᠰᠢᠯᠡᠭᠦᠯᠵᠡᠢ᠃
2019 ᠣᠨ ᠤ 09 ᠳ᠋ᠤᠭᠡᠷ ᠰᠠᠷ᠎ᠠ ᠳᠤ ᠲᠤᠰ ᠶᠡᠬᠡ ᠰᠤᠷᠭᠠᠭᠤᠯᠢ ᠶᠢᠨ ᠡᠷᠳᠡᠮ ᠦᠨ ᠵᠥᠪᠯᠡᠯ ᠬᠤᠷᠠᠯᠳᠤᠵᠤ ᠂ ᠳ᠋ᠣᠺᠲ᠋ᠣᠷ ᠫᠷᠣᠹᠧᠰᠰᠣᠷ ᠴ∙ᠵᠣᠷᠢᠭᠲᠤᠪᠠᠭᠠᠲᠤᠷ ᠲᠤ ᠬᠦᠨᠳᠦᠲᠦ ᠳ᠋ᠣᠺᠲ᠋ᠣᠷ ᠴᠣᠯᠠ ᠣᠯᠭᠤᠬᠤ ᠪᠠᠷ ᠰᠢᠢᠳᠪᠦᠷᠢᠯᠡᠭᠰᠡᠨ ᠪᠠᠶᠢᠨ᠎ᠠ᠃ ᠡᠨᠡᠬᠦ ᠨᠡᠷ᠎ᠡ ᠬᠦᠨᠳᠦᠲᠡᠢ ᠡᠷᠳᠡᠮ ᠦᠨ ᠴᠣᠯᠠ ᠶᠢ ᠭᠠᠷᠳᠠᠭᠤᠯᠬᠤ ᠶᠣᠰᠣᠯᠠᠯ 10 ᠳ᠋ᠤᠭᠠᠷ ᠰᠠᠷ᠎ᠠ ᠶᠢᠨ 29 ᠍ ᠦ ᠡᠳᠦᠷ ᠵᠣᠬᠢᠶᠠᠨ ᠪᠠᠶᠢᠭᠤᠯᠤᠭᠳᠠᠪᠠ᠃ ᠳᠡᠯᠡᠬᠡᠢ ᠶᠢᠨ ᠬᠡᠮᠵᠢᠶᠡᠨ ᠳᠦ ᠨᠡᠷ᠎ᠡ ᠬᠦᠨᠳᠦᠲᠡᠢ ᠲᠤᠰ ᠶᠡᠬᠡ ᠰᠤᠷᠭᠠᠭᠤᠯᠢ ᠶᠢᠨ ᠬᠦᠨᠳᠦᠲᠦ ᠳ᠋ᠣᠺᠲ᠋ᠣᠷ ᠴᠣᠯᠠ ᠶᠢ ᠬᠦᠷᠲᠡᠭᠰᠡᠨ ᠭᠠᠳᠠᠭᠠᠳᠤ ᠶᠢᠨ  ᠬᠤᠶᠠᠳᠠᠬᠢ ᠬᠦᠮᠦᠨ ᠨᠢ ᠳ᠋ᠣᠺᠲ᠋ᠣᠷ ᠴ∙ᠵᠣᠷᠢᠭᠲᠤᠪᠠᠭᠠᠲᠤᠷ ᠪᠣᠯᠵᠤ ᠪᠠᠶᠢᠨ᠎ᠠ᠃

ᠰᠡᠳᠬᠢᠭᠳᠡᠯ ᠦᠯᠡᠳᠡᠭᠡᠬᠦ