ᠰᠡᠷᠭᠦᠭᠡᠨ ᠪᠣᠰᠬᠠᠯᠲᠠ᠂ ᠬᠥᠭᠵᠢᠯ ᠦᠨ ᠪᠠᠩᠬᠢᠨ ᠤ ᠶᠡᠷᠦᠩᠬᠡᠶᠢᠯᠡᠭᠴᠢ ᠲᠠᠢ ᠠᠭᠤᠯᠵᠠᠪᠠ  | News.MN

ᠰᠡᠷᠭᠦᠭᠡᠨ ᠪᠣᠰᠬᠠᠯᠲᠠ᠂ ᠬᠥᠭᠵᠢᠯ ᠦᠨ ᠪᠠᠩᠬᠢᠨ ᠤ ᠶᠡᠷᠦᠩᠬᠡᠶᠢᠯᠡᠭᠴᠢ ᠲᠠᠢ ᠠᠭᠤᠯᠵᠠᠪᠠ 

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠧᠦ᠋ᠷᠣᠫᠠ ᠶᠢᠨ ᠰᠡᠷᠭᠦᠭᠡᠨ ᠪᠣᠰᠬᠠᠯᠲᠠ᠂ ᠬᠥᠭᠵᠢᠯ ᠦᠨ ᠪᠠᠩᠬᠢ ᠶᠢᠨ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠪᠠ᠃ ᠥᠩᠭᠡᠷᠡᠭᠰᠡᠨ 20 ᠭᠠᠷᠤᠢ ᠵᠢᠯ ᠦᠨ ᠬᠤᠭᠤᠴᠠᠭᠠᠨ ᠳᠤ ᠲᠤᠰ ᠪᠠᠩᠬᠢ ᠨᠢ ᠬᠤᠪᠢ ᠶᠢᠨ ᠬᠡᠪᠰᠢᠯ ᠢ ᠬᠥᠭᠵᠢᠭᠦᠯᠬᠦ ᠵᠣᠷᠢᠯᠭ᠎ᠠ ᠪᠠᠷ 1.7 ᠲᠡᠷᠪᠤᠮ ᠡᠸᠦ᠋ᠷᠤ᠋ ᠶᠢᠨ ᠰᠠᠩᠬᠦᠦᠵᠢᠯᠲᠡ ᠣᠯᠭᠤᠭᠰᠠᠨ ᠨᠢ ᠡᠳ᠋  ᠦᠨ ᠵᠠᠰᠠᠭ ᠢ ᠲᠥᠷᠦᠯᠵᠢᠭᠦᠯᠬᠦ᠂ ᠥᠰᠬᠦ ᠳᠦ ᠶᠡᠬᠡᠬᠡᠨ ᠨᠥᠯᠥᠭᠡ ᠦᠵᠡᠭᠦᠯᠦᠭᠰᠡᠨ ᠢ ᠶᠡᠷᠦᠩᠬᠡᠢ ᠰᠠᠶᠢᠳ ᠲᠡᠮᠳᠡᠭᠯᠡᠪᠡ᠃ ᠮᠥᠨ ᠵᠠᠰᠠᠭ ᠤᠨ ᠭᠠᠵᠠᠷ ᠠᠴᠠ ᠬᠡᠷᠡᠭᠵᠢᠭᠦᠯᠬᠦ ᠲᠣᠳᠣᠷᠬᠠᠢ ᠲᠥᠰᠥᠯ ᠦᠳ᠂ ᠲᠤᠬᠠᠶᠢᠯᠠᠪᠠᠯ ᠤᠯᠠᠭᠠᠨᠪᠠᠭᠠᠲᠤᠷ-ᠳᠠᠷᠬᠠᠨ ᠴᠢᠭᠯᠡᠯ ᠳᠦ ᠬᠣᠶᠠᠷ ᠡᠩᠨᠡᠭᠡ ᠬᠠᠲᠠᠭᠤ ᠬᠤᠴᠢᠯᠲᠠ ᠲᠠᠢ ᠠᠦ᠋ᠲ᠋ᠤ᠋ ᠵᠠᠮ ᠰᠢᠨ᠎ᠡ ᠪᠡᠷ ᠲᠠᠯᠪᠢᠬᠤ᠂ ᠡᠷᠴᠢᠮ ᠬᠦᠴᠦ᠂ ᠳᠤᠯᠠᠭᠠᠨ᠂ ᠨᠣᠭᠣᠭᠠᠨ ᠣᠷᠣᠨ ᠰᠠᠭᠤᠴᠠ᠂ ᠭᠠᠮᠰᠢᠭ ᠲᠤ ᠲᠡᠰᠪᠦᠷᠢᠲᠡᠢ ᠪᠠᠶᠢᠳᠠᠯ ᠢ ᠰᠠᠶᠢᠵᠢᠷᠠᠭᠤᠯᠬᠤ ᠵᠡᠷᠭᠡ ᠲᠥᠰᠥᠯ ᠢ ᠰᠠᠩᠬᠦᠦᠵᠢᠭᠦᠯᠬᠦ ᠪᠡᠷ 300 ᠰᠠᠶ᠎ᠠ ᠳ᠋ᠣᠯᠯᠠᠷ ᠤᠨ ᠶᠡᠷᠦᠩᠬᠡᠢ ᠬᠡᠯᠡᠯᠴᠡᠭᠡᠷ ᠪᠠᠶᠢᠭᠤᠯᠤᠭᠰᠠᠨ ᠳᠤ ᠲᠠᠯᠠᠷᠬᠠᠯ ᠢᠯᠡᠷᠬᠡᠶᠢᠯᠡᠪᠡ᠃

ᠧᠦ᠋ᠷᠣᠫᠠ ᠶᠢᠨ ᠰᠡᠷᠭᠦᠭᠡᠨ ᠪᠣᠰᠬᠠᠯᠲᠠ᠂ ᠬᠥᠭᠵᠢᠯ ᠦᠨ ᠪᠠᠩᠬᠢ ᠨᠢ ᠲᠥᠪ ᠠᠽᠢᠶ᠎ᠠ ᠶᠢᠨ ᠤᠯᠤᠰ ᠣᠷᠣᠨ ᠨᠤᠭᠤᠳ᠂ ᠲᠡᠷᠡ ᠳᠤᠮᠳᠠ ᠪᠠᠨ ᠮᠣᠩᠭᠣᠯ ᠤᠯᠤᠰ ᠲᠠᠢ ᠲᠣᠭᠲᠠᠭᠠᠭᠰᠠᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠳᠤ ᠪᠠᠨ ᠥᠨᠳᠥᠷ ᠠᠴᠢ ᠬᠣᠯᠪᠣᠭᠳᠠᠯ ᠥᠭᠳᠡᠭ ᠢ ᠶᠡᠷᠦᠩᠬᠡᠶᠢᠯᠡᠭᠴᠢ ᠰᠸᠷ ᠰᠤᠮᠠ ᠴᠠᠺᠷᠠᠪᠠᠷᠲ᠋ᠢ ᠲᠡᠮᠳᠡᠭᠯᠡᠪᠡ᠃ ᠴᠢᠨᠠᠭᠰᠢᠳᠠ ᠨᠣᠭᠣᠭᠠᠨ ᠡᠳ᠋ ᠍ ᠦᠨ ᠵᠠᠰᠠᠭ ᠤᠨ ᠬᠦᠷᠢᠶᠡᠨ ᠳᠦ ᠤᠯᠠᠭᠠᠨᠪᠠᠭᠠᠲᠤᠷ ᠬᠣᠲᠠ᠂ ᠪᠤᠰᠤᠳ ᠰᠠᠭᠤᠷᠢᠨ ᠭᠠᠵᠠᠷ ᠤᠨ ᠨᠡᠶᠢᠲᠡ ᠶᠢᠨ ᠠᠵᠤ ᠠᠬᠤᠢ ᠶᠢᠨ ᠦᠢᠯᠡᠴᠢᠯᠡᠭᠡ ᠶᠢ ᠰᠠᠶᠢᠵᠢᠷᠠᠭᠤᠯᠬᠤ᠂ ᠰᠡᠷᠭᠦᠭᠡᠭᠳᠡᠬᠦ ᠡᠷᠴᠢᠮ ᠬᠦᠴᠦ᠂ ᠠᠦ᠋ᠲ᠋ᠣ᠋ ᠪᠣᠯᠤᠨ ᠲᠡᠮᠦᠷ ᠵᠠᠮ᠂ ᠵᠢᠵᠢᠭ ᠳᠤᠮᠳᠠ ᠦᠢᠯᠡᠳᠪᠦᠷᠢᠯᠡᠯ ᠢ ᠬᠥᠭᠵᠢᠭᠦᠯᠬᠦ᠂ ᠠᠵᠢᠯ ᠤᠨ ᠪᠠᠶᠢᠷᠢ ᠨᠡᠮᠡᠭᠳᠡᠭᠦᠯᠬᠦ ᠵᠡᠷᠭᠡ ᠴᠢᠭᠯᠡᠯ ᠢᠶᠡᠷ ᠢᠳᠡᠪᠬᠢᠲᠡᠢ ᠬᠠᠮᠲᠤᠷᠠᠬᠤ ᠪᠣᠯᠤᠮᠵᠢ ᠲᠠᠢ᠃ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠪᠠᠨ ᠤᠯᠠᠮ ᠥᠷᠭᠡᠵᠢᠭᠦᠯᠵᠦ᠂ ᠬᠥᠷᠥᠩᠭᠡ ᠣᠷᠣᠭᠤᠯᠤᠯᠲᠠ᠂ ᠰᠠᠩᠬᠦᠦᠵᠢᠯᠲᠡ ᠪᠡᠨ ᠬᠡᠪ ᠢᠶᠡᠷ ᠦᠷᠭᠦᠯᠵᠢᠯᠡᠭᠦᠯᠦᠨ᠎ᠡ ᠭᠡᠳᠡᠭ ᠢᠶᠡᠨ ᠬᠡᠯᠡᠪᠡ᠃

ᠰᠡᠳᠬᠢᠭᠳᠡᠯ ᠦᠯᠡᠳᠡᠭᠡᠬᠦ