ᠡᠡ‍᠎ ᠨᠠᠮ ᠤᠨ ᠭᠡᠰᠢᠭᠦᠳ ᠪᠣᠯᠤᠨ ᠣ᠊∙ᠪᠠᠰᠠᠩᠬᠦᠦ ᠬᠡᠯᠡᠯᠴᠡᠭᠦᠯᠭᠡ ᠡᠴᠡ ᠭᠠᠷᠤᠯ᠎ᠠ  | News.MN

ᠡᠡ‍᠎ ᠨᠠᠮ ᠤᠨ ᠭᠡᠰᠢᠭᠦᠳ ᠪᠣᠯᠤᠨ ᠣ᠊∙ᠪᠠᠰᠠᠩᠬᠦᠦ ᠬᠡᠯᠡᠯᠴᠡᠭᠦᠯᠭᠡ ᠡᠴᠡ ᠭᠠᠷᠤᠯ᠎ᠠ 

ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠢᠨ ᠲᠥᠰᠥᠯ ᠳᠦ ᠣᠷᠣᠭᠤᠯᠬᠤ ᠪᠠᠷ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶᠠᠨ ᠠᠴᠠ ᠳᠡᠮᠵᠢᠭᠰᠡᠨ ᠠᠷᠠᠳᠴᠢᠯᠠᠭᠰᠠᠨ ᠨᠠᠮ  ᠠᠴᠠ ᠣᠷᠣᠭᠤᠯᠤᠭᠰᠠᠨ ᠰᠠᠨᠠᠯ ᠤᠳ ᠤᠨ ᠨᠢᠭᠡ ᠪᠣᠯᠬᠤ ︽ᠤᠯᠤᠰ ᠤᠨ ᠶᠡᠬᠡ ᠬᠤᠷᠠᠯ ᠤᠨ ᠰᠣᠩᠭᠣᠭᠤᠯᠢ ᠶᠢ ᠣᠯᠠᠩᠬᠢ ᠶᠢᠨ ᠪᠣᠯᠤᠨ ᠬᠤᠪᠢ ᠲᠡᠩᠴᠡᠭᠦᠯᠦᠭᠰᠡᠨ ᠵᠠᠷᠴᠢᠮ ᠢ ᠬᠣᠣᠰᠯᠠᠭᠤᠯᠤᠨ ᠶᠠᠪᠤᠭᠤᠯᠤᠨ᠎ᠠ᠃ ᠰᠣᠩᠭᠣᠭᠴᠢ ᠲᠣᠭᠣᠷᠢᠭ ᠲᠤ ᠨᠡᠷ᠎ᠡ ᠳᠡᠪᠰᠢᠭᠰᠡᠨ ᠪᠣᠯᠤᠨ ᠨᠠᠮ ᠤᠨ ᠵᠢᠭᠰᠠᠭᠠᠯᠲᠠ ᠳᠤ ᠣᠷᠣᠭᠰᠠᠨ ᠨᠡᠷ᠎ᠡ ᠳᠡᠪᠰᠢᠭᠴᠢ ᠶᠢᠨ ᠲᠥᠯᠥᠭᠡ ᠰᠠᠨᠠᠯ ᠥᠭᠭᠦᠨ᠎ᠡ ︾ ᠭᠡᠰᠡᠨ ᠵᠢᠭᠠᠯᠲᠠ ᠪᠠᠷ ᠰᠠᠨᠠᠯ ᠬᠤᠷᠢᠶᠠᠬᠤ ᠳᠤ ᠭᠡᠰᠢᠭᠦᠳ ᠦᠨ 59.4 ᠬᠤᠪᠢ ᠶᠢᠨ ᠰᠠᠨᠠᠯ ᠢᠶᠠᠷ ᠳᠡᠮᠵᠢᠭᠡ ᠦᠭᠡᠢ ᠲᠤᠯᠠ  ᠠᠷᠠᠳᠴᠢᠯᠠᠭᠰᠠᠨ ᠨᠠᠮ᠍ ᠤᠨ ᠵᠥᠪᠯᠡᠯ ᠦᠨ ᠭᠡᠰᠢᠭᠦᠳ ᠪᠣᠯᠤᠨ ᠣ᠊∙ᠪᠠᠰᠠᠩᠬᠦᠦ ᠨᠠᠷ ᠬᠡᠯᠡᠯᠴᠡᠭᠦᠯᠭᠡ ᠡᠴᠡ ᠭᠠᠷᠬᠤ ᠪᠠᠨ ᠮᠡᠳᠡᠭᠳᠡᠯ᠎ᠡ᠃
ᠤᠯᠤᠰ ᠤᠨ ᠶᠡᠬᠡ ᠬᠤᠷᠠᠯ ᠤᠨ ᠭᠡᠰᠢᠭᠦᠨ ᠳ∙ᠡᠷᠳᠡᠨᠢᠪᠠᠲᠤ᠄ ᠲᠤᠩ ᠬᠠᠷᠠᠮᠰᠠᠯᠲᠠᠢ ᠪᠠᠶᠢᠨ᠎ᠠ᠃ ᠮᠤᠩᠭᠤᠯ ᠠᠷᠠᠳ ᠤᠨ ᠨᠠᠮ ᠲᠠᠢ ᠵᠥᠪᠰᠢᠯᠴᠡᠵᠦ ᠢᠷᠡᠭᠰᠡᠨ᠃ ᠠᠷᠠᠳᠴᠢᠯᠠᠭᠰᠠᠨ ᠨᠠᠮ ᠤᠨ ᠭᠤᠷᠪᠠᠨ ᠵᠠᠷᠴᠢᠮ ᠤᠨ ᠰᠠᠨᠠᠯ ᠬᠣᠶᠠᠷ ᠨᠢ ᠦᠨᠳᠦᠰᠦᠨ ᠳᠦ ᠪᠡᠨ ᠤᠨᠠᠯ᠎ᠠ᠃ ᠪᠢᠳᠡᠨ ᠦ ᠵᠥᠪᠰᠢᠯᠴᠡᠯ ᠦᠨ ᠦᠷ᠎ᠡ ᠳ᠋ᠦᠩ ᠭᠠᠷᠤᠭᠰᠠᠨ ᠦᠭᠡᠢ᠃ ᠴᠠᠰᠢ ᠬᠡᠯᠡᠯᠴᠡᠭᠦᠯᠭᠡ ᠳᠦ ᠤᠷᠤᠯᠴᠠᠬᠤ ᠪᠣᠯᠤᠮᠵᠢ ᠦᠭᠡᠢ ᠪᠣᠯᠤᠯ᠎ᠠ ᠭᠡᠳᠡᠭ ᠢᠶᠡᠨ ᠮᠡᠳᠡᠭᠳᠡᠵᠦ ᠪᠠᠶᠢᠨ᠎ᠠ᠃ ᠦᠨᠳᠦᠰᠦᠨ ᠬᠠᠤᠯᠢ ᠡᠶᠢᠮᠦ ᠳᠣᠭᠣᠯᠠᠩ ᠬᠠᠤᠯᠢ ᠪᠠᠶᠢᠵᠤ ᠪᠣᠯᠬᠤ ᠦᠭᠡᠢ᠃ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠢ ᠪᠦᠲᠦᠨ ᠪᠠᠶᠢᠯᠭᠠᠬᠤ ᠶᠢᠨ ᠲᠥᠯᠥᠭᠡ ᠠᠷᠠᠳᠴᠢᠯᠠᠭᠰᠠᠨ ᠫᠠᠷᠯᠠᠮᠧᠨᠲ ᠤᠨ ᠲᠥᠯᠦᠪᠰᠢᠯ ᠢ ᠪᠦᠷᠢᠨ ᠬᠠᠩᠭᠠᠬᠤ ᠶᠢᠨ ᠲᠤᠯᠠᠳᠠ ᠠᠷᠠᠳᠴᠢᠯᠠᠭᠰᠠᠨ ᠨᠠᠮ ᠤᠨ ᠭᠤᠷᠪᠠᠨ ᠰᠠᠨᠠᠯ ᠪᠠᠶᠢᠭᠰᠠᠨ ᠰᠢᠦ ᠭᠡᠳᠡᠭ ᠢ ᠬᠠᠷᠢᠭᠤᠴᠠᠯᠭ᠎ᠠ ᠲᠠᠢ ᠪᠠᠷ ᠮᠡᠳᠡᠭᠳᠡᠶ᠎ᠡ ᠭᠡᠪᠡ᠃
ᠤᠯᠤᠰ ᠤᠨ ᠶᠡᠬᠡ ᠬᠤᠷᠠᠯ ᠤᠨ ᠭᠡᠰᠢᠭᠦᠨ ᠣ᠊∙ᠪᠠᠰᠠᠩᠬᠦᠦ᠄ ᠠᠷᠠᠳᠴᠢᠯᠠᠭᠰᠠᠨ ᠨᠠᠮ ᠮᠤᠯᠭᠢᠳᠠᠭᠤᠯᠴᠢᠬᠠᠯ᠎ᠠ᠃ ᠠᠷᠠᠳ ᠲᠦᠮᠡᠨ ᠲᠡᠢ ᠪᠡᠨ ᠵᠥᠪᠰᠢᠯᠴᠡᠬᠦ ᠦᠭᠡᠢ ᠶᠤᠮ ᠡ ᠭᠡᠬᠦ ᠳᠦ ᠤᠯᠤᠰ ᠤᠨ ᠶᠡᠬᠡ ᠬᠤᠷᠠᠯ ᠳᠦ ᠰᠠᠭᠤᠳᠠᠯ ᠲᠠᠢ ᠪᠤᠰᠤ ᠨᠠᠮ ᠲᠠᠢ ᠪᠠᠨ ᠵᠥᠪᠰᠢᠯᠴᠡᠬᠦ ᠶᠣᠰᠣᠲᠠᠢ ᠪᠠᠶᠢᠭᠰᠠᠨ᠃ ᠮᠠᠨ ᠤ ᠨᠠᠮ ᠲᠠᠢ ᠮᠥᠨ ᠵᠥᠪᠰᠢᠯᠴᠡᠭᠡ ᠦᠭᠡᠢ ᠤᠴᠢᠷ ᠠᠴᠠ ᠬᠡᠯᠡᠯᠴᠡᠭᠦᠯᠭᠡ ᠡᠴᠡ ᠭᠠᠷᠤᠯ᠎ᠠ ᠭᠡᠵᠦ ᠬᠡᠯᠡᠭᠡᠳ ᠴᠢᠭᠤᠯᠭᠠᠨ ᠢ ᠣᠷᠬᠢᠨ ᠭᠠᠷᠤᠯ᠎ᠠ᠃

ᠰᠡᠳᠬᠢᠭᠳᠡᠯ ᠦᠯᠡᠳᠡᠭᠡᠬᠦ