︽ᠬᠢᠮᠢ-2019 ︾ ᠡᠷᠳᠡᠮ ᠰᠢᠨᠵᠢᠯᠡᠭᠡᠨ ᠦ ᠬᠤᠷᠠᠯ ᠡᠬᠢᠯᠡᠯ᠎ᠡ  | News.MN

 ︽ᠬᠢᠮᠢ-2019 ︾ ᠡᠷᠳᠡᠮ ᠰᠢᠨᠵᠢᠯᠡᠭᠡᠨ ᠦ ᠬᠤᠷᠠᠯ ᠡᠬᠢᠯᠡᠯ᠎ᠡ 

ᠡᠷᠳᠡᠮ ᠰᠢᠨᠵᠢᠯᠡᠭᠡᠨ ᠦ ᠠᠵᠢᠯᠲᠠᠨ ᠤ ᠪᠠᠶᠠᠷ ᠢ ᠲᠣᠬᠢᠶᠠᠯᠳᠤᠭᠤᠯᠤᠨ ᠰᠢᠨᠵᠢᠯᠡᠬᠦ ᠤᠬᠠᠭᠠᠨ ᠤ ᠠᠺᠠᠳ᠋ᠸᠮᠢ ᠶᠢᠨ᠍  ᠬᠢᠮᠢ᠂ ᠬᠢᠮᠢ ᠶᠢᠨ ᠲᠧᠭᠨᠣᠯᠣᠭᠢ ᠶᠢᠨ ᠬᠦᠷᠢᠶᠡᠯᠡᠩ ᠡᠴᠡ ᠵᠢᠯ ᠪᠦᠷᠢ ᠵᠣᠬᠢᠶᠠᠨ ᠪᠠᠶᠢᠭᠤᠯᠳᠠᠭ ᠡᠷᠳᠡᠮ ᠰᠢᠨᠵᠢᠯᠡᠭᠡᠨ ᠦ ᠪᠠᠭ᠎ᠠ ᠬᠤᠷᠠᠯ ︽ᠬᠢᠮᠢ-2019︾ ᠥᠨᠥᠳᠥᠷ ᠪᠣᠯᠵᠤ ᠪᠠᠶᠢᠨ᠎ᠠ᠃ ᠥᠨᠥ ᠵᠢᠯ ᠲᠤᠰ ᠡᠷᠳᠡᠮ ᠰᠢᠨᠵᠢᠯᠡᠭᠡᠨ ᠦ ᠪᠠᠭ᠎ᠠ ᠬᠤᠷᠠᠯ ᠢ ᠮᠣᠩᠭᠣᠯ ᠤᠯᠤᠰ ᠤᠨ ᠲᠥᠷᠥ ᠶᠢᠨ ᠰᠤᠶᠤᠷᠬᠠᠯᠲᠤ ᠂ ᠬᠢᠮᠢᠴᠢ᠂ ᠳ᠋ᠣᠺᠲ᠋ᠣᠷ ᠪᠠᠩᠵᠠᠷ ᠤᠨ ᠳᠤᠷᠵᠢᠫᠠᠯᠮ᠎ᠠ ᠶᠢᠨ ᠮᠡᠨᠳᠦᠯᠡᠭᠰᠡᠨ ᠦ 70 ᠨᠠᠰᠤᠨ ᠤ ᠣᠢ ᠳᠤ ᠵᠣᠷᠢᠭᠤᠯᠤᠨ᠂ ᠲᠡᠭᠦᠨ ᠦ ᠨᠡᠷᠡᠮᠵᠢᠲᠦ ᠪᠣᠯᠭᠠᠨ ᠵᠣᠬᠢᠶᠠᠨ ᠪᠠᠶᠢᠭᠤᠯᠵᠤ ᠪᠠᠶᠢᠨ᠎ᠠ᠃
ᠳ᠋ᠣᠺᠲ᠋ᠣᠷ ᠪᠠᠩᠵᠠᠷ ᠤᠨ ᠳᠤᠷᠵᠢᠫᠠᠯᠮ᠎ᠠ ᠨᠢ ᠮᠣᠩᠭᠣᠯ ᠤᠯᠤᠰ ᠲᠤ ᠰᠢᠨᠵᠢᠯᠡᠬᠦ ᠤᠬᠠᠭᠠᠨ ᠢ ᠬᠥᠭᠵᠢᠭᠦᠯᠬᠦ᠂ ᠡᠷᠳᠡᠮ ᠰᠢᠨᠵᠢᠯᠡᠭᠡᠨ ᠦ ᠠᠵᠢᠯ ᠤᠨ ᠣᠨᠣᠯ ᠤᠨ ᠲᠦᠪᠰᠢᠨ ᠢ ᠳᠡᠭᠡᠭᠰᠢᠯᠡᠭᠦᠯᠬᠦ᠂ ᠰᠤᠳᠤᠯᠭᠠᠨ ᠤ ᠠᠵᠢᠯ ᠤᠨ ᠦᠷ᠎ᠡ  ᠳ᠋ᠦᠩ ᠢ ᠦᠢᠯᠡᠳᠪᠦᠷᠢ ᠫᠷᠠᠺᠲ᠋ᠢᠭ ᠲᠤ ᠨᠡᠪᠲᠡᠷᠡᠭᠦᠯᠬᠦ ᠳᠦ ᠪᠡᠶ᠎ᠡ᠂ ᠰᠡᠳᠬᠢᠯ ᠢᠶᠡᠨ ᠵᠣᠷᠢᠭᠤᠯᠤᠭᠰᠠᠨ ᠠᠪᠢᠶᠠᠰᠯᠢᠭ ᠡᠷᠳᠡᠮᠲᠡᠨ ᠬᠦᠮᠦᠨ ᠪᠠᠶᠢᠪᠠ᠃ ᠲᠡᠭᠦᠨ ᠦ ᠡᠬᠢᠯᠡᠭᠦᠯᠦᠭᠰᠡᠨ ᠣᠯᠠᠨ ᠠᠵᠢᠯ ᠥᠨᠥ ᠴᠠᠭ ᠲᠤ ᠦᠷᠭᠦᠯᠵᠢᠯᠡᠨ ᠥᠷᠭᠡᠵᠢᠨ ᠬᠥᠭᠵᠢᠵᠦ ᠪᠠᠶᠢᠨ᠎ᠠ᠃ ᠲᠤᠬᠠᠶᠢᠯᠠᠪᠠᠯ᠂ 1993 ᠣᠨ ᠳᠤ ᠬᠢᠮᠢ ᠶᠢᠨ ᠬᠦᠷᠢᠶᠡᠯᠡᠩ ᠦᠨ ︽ᠡᠷᠳᠡᠮ ᠰᠢᠨᠵᠢᠯᠡᠭᠡᠨ ᠦ ᠪᠦᠲᠦᠭᠡᠯ︾ ᠢ ᠠᠩᠬ᠎ᠠ ᠤᠳᠠᠭ᠎ᠠ ᠠᠩᠭᠯᠢ ᠬᠡᠯᠡ ᠳᠡᠭᠡᠷ᠎ᠡ ᠥᠪᠡᠷ ᠢᠶᠡᠨ ᠣᠷᠴᠢᠭᠤᠯᠵᠤ᠂ ᠡᠷᠬᠢᠯᠡᠨ ᠭᠠᠷᠭᠠᠭᠰᠠᠨ ᠨᠢ ᠠᠩᠭᠯᠢ ᠬᠡᠯᠡ ᠳᠡᠭᠡᠷ᠎ᠡ ᠭᠠᠷᠭᠠᠵᠤ ᠪᠤᠢ ︽Mongolian Journal of Chemistry︾ ᠰᠡᠳᠬᠦᠯ ᠦᠨ ᠡᠬᠢᠯᠡᠯ ᠪᠠᠶᠢᠪᠠ᠃ ᠮᠥᠨ ᠲᠤᠰ ᠬᠦᠷᠢᠶᠡᠯᠡᠩ ᠦᠨ ᠪᠢᠣᠬᠢᠮᠢ ᠶᠢᠨ ᠯᠠᠪᠤᠷᠠᠲ᠋ᠣᠷᠢ ᠳᠤ ᠶᠠᠪᠤᠭᠤᠯᠵᠤ ᠪᠠᠶᠢᠭᠰᠠᠨ ᠤᠭᠤᠷᠠᠭᠲᠤ ᠲᠦᠭᠦᠬᠡᠢ ᠡᠳ᠋᠂ ᠪᠦᠲᠦᠭᠡᠭᠳᠡᠬᠦᠨ ᠦ ᠰᠤᠳᠤᠯᠭᠠᠨ ᠤ ᠠᠵᠢᠯ ᠤᠨ ᠴᠠᠷ᠎ᠠ ᠬᠦᠷᠢᠶ᠎ᠡ ᠥᠷᠭᠡᠵᠢᠨ᠂ ᠬᠡᠳᠦ ᠬᠡᠳᠦᠨ ᠰᠢᠨ᠎ᠡ ᠲᠥᠷᠥᠯ ᠦᠨ ᠪᠦᠲᠦᠭᠡᠭᠳᠡᠬᠦᠨ ᠦ ᠲᠧᠭᠨᠣᠯᠣᠭᠢ ᠶᠢ ᠪᠤᠢ ᠪᠣᠯᠭᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ