ᠪᠦᠰᠡᠭᠦᠶᠢᠴᠦᠳ ᠦᠨ ᠬᠣᠷᠮᠣᠢ ᠠᠴᠠ ᠵᠢᠷᠤᠭ ᠠᠪᠬᠤ ᠶᠢ ᠬᠤᠷᠢᠭᠯᠠᠨ᠎ᠠ | News.MN

  ᠪᠦᠰᠡᠭᠦᠶᠢᠴᠦᠳ ᠦᠨ ᠬᠣᠷᠮᠣᠢ ᠠᠴᠠ ᠵᠢᠷᠤᠭ ᠠᠪᠬᠤ ᠶᠢ ᠬᠤᠷᠢᠭᠯᠠᠨ᠎ᠠ

ᠥᠴᠥᠭᠡᠳᠦᠷ ᠭᠧᠷᠮᠠᠨ ᠤᠯᠤᠰ ᠤᠨ ᠵᠠᠰᠠᠭ ᠤᠨ ᠭᠠᠵᠠᠷ upskirting ᠪᠤᠶᠤ ᠡᠮᠡᠭᠲᠡᠢ ᠬᠦᠮᠦᠨ ᠦ ᠬᠣᠷᠮᠣᠢ ᠶᠢᠨ ᠳᠣᠣᠷ᠎ᠠ ᠠᠴᠠ ᠺᠠᠮᠧᠷ ᠢᠶᠠᠷ ᠵᠢᠷᠤᠭ ᠳᠦᠷᠰᠦ ᠠᠪᠬᠤ ᠦᠢᠯᠡᠳᠦᠯ ᠢ ᠭᠡᠮᠲᠦ ᠬᠡᠷᠡᠭ ᠲᠦ ᠲᠣᠭᠠᠴᠠᠬᠤ ᠬᠠᠤᠯᠢ ᠶᠢᠨ ᠲᠥᠰᠥᠯ ᠢ ᠳᠡᠮᠵᠢᠵᠡᠢ᠃ ᠲᠧᠭᠨᠢᠭ ᠲᠧᠭᠨᠣᠯᠣᠭᠢ ᠶᠢᠨ ᠬᠥᠭᠵᠢᠯ ᠢ ᠳᠠᠭᠠᠨ ᠪᠤᠢ ᠪᠣᠯᠤᠭᠰᠠᠨ ᠡᠶᠢᠮᠦ ᠲᠥᠷᠥᠯ ᠦᠨ ᠬᠠᠯᠳᠠᠯᠭ᠎ᠠ ᠶᠢ ᠰᠡᠭᠦᠯ ᠦᠨ ᠵᠢᠯ ᠦᠳ ᠲᠦ ᠳᠡᠯᠡᠬᠡᠢ ᠶᠢᠨ ᠬᠡᠳᠦ ᠬᠡᠳᠦᠨ ᠣᠷᠣᠨ ᠳᠤ ᠬᠠᠤᠯᠢ ᠪᠠᠷ ᠬᠤᠷᠢᠭᠯᠠᠬᠤ ᠪᠣᠯᠤᠭᠰᠠᠨ ᠶᠤᠮ ᠃ ︽ᠡᠮᠡᠭᠲᠡᠢ ᠬᠦᠮᠦᠨ ᠦ ᠬᠣᠷᠮᠣᠢ ᠶᠢᠨ ᠳᠣᠣᠷ᠎ᠠ ᠠᠴᠠ᠂ ᠡᠰᠡᠪᠡᠯ ᠡᠩᠭᠡᠷ ᠵᠠᠭᠠᠮᠠᠨ ᠤ ᠳᠡᠭᠡᠷ᠎ᠡ ᠡᠴᠡ ᠵᠢᠷᠤᠭ ᠠᠪᠬᠤ ᠨᠢ ᠬᠦᠮᠦᠨ ᠦ ᠬᠤᠪᠢ ᠶᠢᠨ ᠣᠷᠣᠨ ᠵᠠᠢ ᠳᠤ ᠬᠠᠯᠳᠠᠵᠤ ᠪᠤᠢ ᠭᠡᠮᠲᠦ ᠦᠢᠯᠡᠳᠦᠯ ᠶᠤᠮ᠃ ᠢᠩᠭᠢᠵᠦ ᠠᠪᠤᠭᠰᠠᠨ ᠵᠢᠷᠤᠭ ᠳᠦᠷᠰᠦ ᠨᠦᠭᠦᠳ ᠢᠨᠲᠸᠷᠨᠧᠲ ᠤᠷᠴᠢᠨ ᠳᠤ ᠲᠠᠷᠠᠬᠤ᠂ ᠵᠠᠷᠢᠮ ᠳᠤ ᠪᠠᠨ ᠠᠷᠠᠯᠵᠢᠶᠠᠨ ᠤ ᠬᠡᠷᠡᠭᠰᠡᠯ ᠪᠣᠯᠬᠤ ᠨᠢ ᠲᠦᠭᠡᠮᠡᠯ ᠦᠵᠡᠭᠳᠡᠯ ᠪᠣᠯᠵᠠᠢ ᠭᠡᠵᠦ ᠭᠧᠷᠮᠠᠨ ᠤ ᠬᠠᠤᠯᠢ ᠵᠦᠢ ᠶᠢᠨ ᠰᠠᠶᠢᠳ ᠦᠭᠦᠯᠡᠵᠡᠢ᠃

ᠰᠡᠳᠬᠢᠭᠳᠡᠯ ᠦᠯᠡᠳᠡᠭᠡᠬᠦ