ᠣ᠊∙ᠶᠢᠰᠦᠭᠡᠨ ᠬᠦᠷᠡᠯ ᠮᠧᠳᠠᠯ ᠤᠨ ᠪᠣᠯᠵᠣᠯ ᠬᠠᠩᠭᠠᠯ᠎ᠠ  | News.MN

ᠣ᠊∙ᠶᠢᠰᠦᠭᠡᠨ ᠬᠦᠷᠡᠯ ᠮᠧᠳᠠᠯ ᠤᠨ ᠪᠣᠯᠵᠣᠯ ᠬᠠᠩᠭᠠᠯ᠎ᠠ 

ᠤᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠬᠠᠷᠢᠶ᠎ᠠ ︽ᠠᠪᠤᠷᠠᠭᠴᠢ︾ ᠪᠡᠶ᠎ᠡ ᠶᠢᠨ ᠲᠠᠮᠢᠷ᠂ ᠲᠧᠭᠨᠢᠭ ᠰᠫᠣᠷᠲ ᠤᠨ ᠬᠣᠷᠢᠶᠠᠨ ᠤ ᠲᠠᠮᠢᠷᠴᠢᠨ ᠣ᠊∙ᠶᠢᠰᠦᠭᠡᠨ ᠵᠠᠯᠠᠭᠤᠴᠤᠳ ᠤᠨ ᠠᠽᠢᠶ᠎ᠠ ᠲᠢᠪ ᠦᠨ ᠠᠪᠤᠷᠭᠤ ᠰᠢᠯᠭᠠᠷᠠᠭᠤᠯᠬᠤ ᠪᠣᠺᠰ ᠤᠨ ᠲᠡᠮᠡᠴᠡᠭᠡᠨ ᠦ 57 ᠺᠢᠯᠦᠭᠷᠡᠮ ᠦᠨ ᠵᠢᠩ ᠳᠦ ᠬᠦᠷᠡᠯ ᠮᠧᠳᠠᠯ ᠤᠨ ᠪᠣᠯᠵᠣᠯ ᠬᠠᠩᠭᠠᠭᠠᠳ ᠪᠠᠶᠢᠨ᠎ᠠ᠃
ᠲᠡᠷᠡ ᠪᠡᠷ ᠡᠨᠡ ᠰᠠᠷ᠎ᠠ ᠶᠢᠨ 16 ᠳᠦ ᠮᠥᠩᠭᠥᠨ ᠮᠧᠳᠠᠯ ᠤᠨ ᠲᠥᠯᠥᠭᠡ ᠦᠽᠪᠸᠰᠲ᠋ᠠᠨ ᠤ ᠲᠠᠮᠢᠷᠴᠢᠨ ᠰᠢᠲ᠋ᠣᠷᠠ ᠲᠤᠷᠤᠳᠢᠪᠧᠺᠣᠸᠠ ᠲᠠᠢ ᠲᠣᠭᠯᠠᠬᠤ ᠶᠤᠮ᠃ ᠤᠯᠠᠭᠠᠨᠪᠠᠭᠠᠲᠤᠷ  ᠬᠤᠲᠠ ᠳᠤ ᠠᠩᠬ᠎ᠠ ᠤᠳᠠᠭ᠎ᠠᠵᠣᠬᠢᠶᠠᠨ ᠪᠠᠶᠢᠭᠤᠯᠤᠭᠳᠠᠵᠤ ᠪᠠᠶᠢᠭ᠎ᠠ ᠲᠤᠰ ᠲᠡᠮᠡᠴᠡᠭᠡᠨ ᠳᠦ 20 ᠣᠷᠣᠨ ᠤ 200 ᠭᠠᠷᠤᠢ ᠲᠠᠮᠢᠷᠴᠢᠨ ᠣᠷᠣᠯᠴᠠᠵᠤ ᠪᠠᠶᠢᠨ᠎ᠠ ᠃

ᠰᠡᠳᠬᠢᠭᠳᠡᠯ ᠦᠯᠡᠳᠡᠭᠡᠬᠦ