︽ᠰᠣᠶᠣᠯ ᠤᠨ ᠦᠢᠯᠡᠳᠪᠦᠷᠢᠯᠡᠯ︾ 70 ᠬᠤᠪᠢ ᠨᠢ ᠬᠡᠷᠡᠭᠵᠢᠵᠡᠢ  | News.MN

︽ᠰᠣᠶᠣᠯ ᠤᠨ ᠦᠢᠯᠡᠳᠪᠦᠷᠢᠯᠡᠯ︾ 70 ᠬᠤᠪᠢ ᠨᠢ ᠬᠡᠷᠡᠭᠵᠢᠵᠡᠢ 

ᠥᠪᠦᠷᠬᠠᠩᠭᠠᠢ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠡᠷᠢᠭᠦᠯᠡᠭᠴᠢᠳ ᠦᠨ 2017 ᠣᠨ ᠤ 40 ᠳ᠋ᠤᠭᠡᠷ ᠲᠣᠭᠲᠠᠭᠠᠯ ᠢᠶᠠᠷ ︽ᠰᠤᠶᠤᠯ ᠤᠨ ᠦᠢᠯᠡᠳᠪᠦᠷᠢᠯᠡᠯ︾ ᠠᠶᠢᠮᠠᠭ ᠤᠨ ᠬᠥᠲᠥᠯᠪᠦᠷᠢ ᠶᠢ ᠪᠠᠲᠤᠯᠠᠵᠤ᠂ ᠬᠣᠶᠠᠷ ᠵᠢᠯ ᠭᠠᠷᠤᠢ ᠬᠡᠷᠡᠭᠵᠢᠭᠦᠯᠦᠭᠡᠳ ᠪᠠᠶᠢᠨ᠎ᠠ᠃ ᠬᠥᠲᠦᠯᠪᠦᠷᠢ ᠨᠢ ᠪᠠᠭ᠎ᠠ ᠨᠠᠰᠤᠨ ᠤ ᠬᠡᠦᠬᠡᠳ ᠦᠳ ᠲᠦ ᠤᠯᠠᠮᠵᠢᠯᠠᠯᠲᠤ ᠲᠣᠭᠯᠠᠭᠠᠮ ᠨᠠᠭᠠᠳᠤᠭᠠᠢ ᠵᠢᠭᠠᠨ ᠰᠤᠷᠭᠠᠬᠤ᠂ ᠮᠠᠷᠲᠠᠭᠳᠠᠭᠰᠠᠨ ᠨᠡᠷ᠎ᠡ ᠲᠣᠮᠢᠶᠠᠯᠠᠯ ᠢ ᠰᠡᠷᠭᠦᠭᠡᠨ ᠰᠠᠨᠠᠭᠤᠯᠬᠤ᠂ ᠦᠨᠳᠦᠰᠦᠨ ᠦ ᠥᠪ ᠰᠣᠶᠣᠯ ᠢ ᠠᠶᠠᠯᠠᠯ ᠵᠢᠭᠤᠯᠴᠢᠯᠠᠯ ᠲᠠᠢ ᠬᠣᠯᠪᠣᠨ ᠬᠥᠭᠵᠢᠭᠦᠯᠵᠦ᠂ ᠵᠠᠬ᠎ᠠ ᠵᠡᠭᠡᠯᠢ ᠶᠢᠨ ᠡᠷᠭᠢᠯᠲᠡ ᠳᠦ ᠣᠷᠣᠭᠤᠯᠬᠤ᠂ ᠵᠤᠨ ᠤ ᠤᠯᠠᠷᠢᠯ ᠳᠤ ᠵᠣᠬᠢᠶᠠᠳᠠᠭ ᠠᠷᠭ᠎ᠠ ᠬᠡᠮᠵᠢᠶ᠎ᠡ ᠶᠢ ᠨᠢᠭᠡᠳᠬᠡᠵᠦ᠂ ᠦᠷ᠎ᠡ ᠠᠰᠢᠭ ᠭᠠᠷᠭᠠᠬᠤ ᠵᠤᠷᠢᠯᠭ᠎ᠠ ᠲᠠᠢ ᠃

︽ᠰᠣᠶᠣᠯ ᠤᠨ ᠦᠢᠯᠡᠳᠪᠦᠷᠢᠯᠡᠯ︾ ᠠᠶᠢᠮᠠᠭ ᠤᠨ ᠬᠥᠲᠦᠯᠪᠦᠷᠢ ᠶᠢ ᠪᠠᠲᠤᠯᠠᠬᠤ ᠳᠤ ᠪᠠᠨ ᠣᠶᠤᠨ ᠤ ᠥᠮᠴᠢ ᠶᠢᠨ ᠡᠷᠬᠡ ᠶᠢ ᠬᠠᠮᠠᠭᠠᠯᠠᠬᠤ᠂ ᠪᠠᠲᠤᠯᠠᠭᠠᠵᠢᠭᠤᠯᠬᠤ᠂ ᠰᠣᠶᠣᠯ ᠤᠨ ᠦᠢᠯᠡᠳᠪᠦᠷᠢᠯᠡᠯ ᠢ ᠬᠥᠭᠵᠢᠭᠦᠯᠬᠦ ᠳᠦ ᠱᠠᠭᠠᠷᠳᠠᠯᠭ᠎ᠠ ᠲᠠᠢ ᠬᠦᠮᠦᠨ ᠦ ᠨᠥᠭᠡᠴᠡ ᠶᠢ ᠴᠢᠳᠠᠪᠬᠢᠵᠢᠭᠤᠯᠬᠤ᠂ ᠰᠣᠶᠣᠯ᠂ ᠤᠷᠠᠯᠢᠭ ᠤᠨ ᠦᠢᠯᠡᠴᠢᠯᠡᠭᠡ ᠶᠢ ᠵᠠᠬ᠎ᠠ ᠵᠡᠭᠡᠯᠢ ᠳᠦ ᠭᠠᠷᠭᠠᠬᠤ᠂ ᠣᠷᠣᠨ ᠨᠤᠲᠤᠭ ᠤᠨ ᠪᠷᠠᠨᠳ᠋ ᠦᠢᠯᠡ ᠠᠵᠢᠯᠯᠠᠭ᠎ᠠ ᠶᠢ ᠳᠡᠮᠵᠢᠨ ᠬᠥᠭᠵᠢᠭᠦᠯᠬᠦ ᠭᠡᠰᠡᠨ ᠭᠤᠷᠪᠠᠨ ᠵᠣᠷᠢᠯᠲᠠ ᠶᠢ ᠲᠠᠯᠪᠢᠭᠰᠠᠨ ᠪᠠᠶᠢᠨ᠎ᠠ᠃ ᠡᠨᠡ ᠵᠢᠯ ᠦᠨ ᠪᠠᠶᠢᠳᠠᠯ ᠢᠶᠠᠷ ᠳᠡᠭᠡᠷᠡᠬᠢ ᠵᠣᠷᠢᠯᠲᠠ ᠨᠤᠭᠤᠳ 70  ᠬᠤᠪᠢ ᠶᠢᠨ ᠬᠡᠷᠡᠭᠵᠢᠯᠲᠡ ᠲᠡᠢ ᠪᠠᠶᠢᠭ᠎ᠠ ᠶᠤᠮ᠃ ᠬᠢᠭᠰᠡᠨ ᠲᠣᠮᠣᠬᠠᠨ ᠠᠵᠢᠯ ᠤᠳ ᠠᠴᠠ ᠳᠤᠷᠠᠳᠪᠠᠯ᠄ ︽ᠲᠣᠷᠭᠠᠨ ᠤ ᠵᠠᠮ- ᠬᠠᠷᠠᠬᠤᠷᠤᠮ ᠬᠣᠲᠠ︾ ᠰᠤᠶᠤᠯ᠂ ᠠᠶᠠᠯᠠᠯ ᠵᠢᠭᠤᠯᠴᠢᠯᠠᠯ ᠤᠨ ᠠᠷᠭ᠎ᠠ ᠬᠡᠮᠵᠢᠶ᠎ᠡ᠂ ︽ᠪᠢᠳᠡᠨ ᠦ ᠠᠪᠢᠶᠠᠰ-ᠪᠢᠳᠡᠨ ᠦ ᠪᠠᠬᠠᠷᠬᠠᠯ︾ ᠲᠥᠰᠥᠯ᠂  ︽ᠬᠡᠦᠬᠡᠳ ᠦᠨ ᠤᠷᠠᠯᠢᠭ ᠤᠨ ᠶᠡᠬᠡ ᠨᠠᠭᠠᠳᠤᠮ︾᠂ ︽ᠢᠨᠢᠶᠡᠮᠰᠦᠭᠯᠡᠯ -1000︾ ᠮᠢᠩᠭᠠᠨ ᠬᠡᠦᠬᠡᠳ ᠦᠨ ᠨᠠᠶᠢᠷᠠᠯ ᠳᠠᠭᠤᠤ ᠶᠢᠨ ᠨᠠᠭᠠᠳᠤᠮ᠂ ︽ᠤᠯᠤᠰ ᠤᠨ ᠬᠦᠭᠡᠮᠢ ᠶᠢᠨ ᠤᠷᠤᠯᠳᠤᠭᠠᠨ︾ ᠵᠡᠷᠭᠡ ᠣᠯᠠᠨ ᠣᠨᠴᠠᠯᠢᠭ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠵᠠᠢ᠃

ᠰᠡᠳᠬᠢᠭᠳᠡᠯ ᠦᠯᠡᠳᠡᠭᠡᠬᠦ