ᠭᠤᠷᠪᠠ ᠠᠴᠠ ᠳᠡᠭᠡᠭᠰᠢ ᠣᠳᠣᠲᠠᠢ ᠪᠠᠭᠤᠳᠠᠯ ᠤᠨ ᠣᠷᠣᠯᠭ᠎ᠠ ᠥᠰᠴᠠᠢ  | News.MN

 ᠭᠤᠷᠪᠠ ᠠᠴᠠ ᠳᠡᠭᠡᠭᠰᠢ ᠣᠳᠣᠲᠠᠢ ᠪᠠᠭᠤᠳᠠᠯ ᠤᠨ ᠣᠷᠣᠯᠭ᠎ᠠ ᠥᠰᠴᠠᠢ 

ᠮᠣᠩᠭᠣᠯ ᠤᠯᠤᠰ ᠤᠨ ᠵᠣᠴᠢᠳ ᠪᠠᠭᠤᠳᠠᠯ ᠤᠨ ᠰᠠᠯᠪᠤᠷᠢ ᠶᠢᠨ ᠣᠷᠣᠯᠭ᠎ᠠ ᠥᠰᠦᠭᠰᠡᠨ ᠪᠠᠶᠢᠨ᠎ᠠ᠃ ᠥᠭᠡᠷ᠎ᠡ ᠪᠡᠷ ᠬᠡᠯᠡᠪᠡᠯ᠂ ᠡᠨᠡ ᠣᠨ ᠤ ᠡᠬᠢᠨ ᠦ ᠶᠢᠰᠦᠨ ᠰᠠᠷ᠎ᠠ ᠳᠤ ᠲᠤᠰ ᠰᠠᠯᠪᠤᠷᠢ ᠶᠢᠨ ᠣᠷᠣᠯᠭ᠎ᠠ 204.2 ᠲᠡᠷᠪᠤᠮ ᠲᠥᠭᠥᠷᠢᠭ ᠲᠦ ᠬᠦᠷᠴᠡᠢ᠃ ᠡᠨᠡ ᠨᠢ ᠥᠩᠭᠡᠷᠡᠭᠰᠡᠨ ᠣᠨ ᠤ ᠮᠥᠨ ᠦᠶ᠎ᠡ ᠡᠴᠡ 36 ᠲᠡᠷᠪᠤᠮ ᠲᠥᠭᠥᠷᠢᠭ ᠢᠶᠡᠷ ᠥᠰᠦᠭᠰᠡᠨ ᠳ᠋ᠦᠩ ᠶᠤᠮ᠃ ᠡᠨᠡ ᠦᠰᠦᠯᠲᠡ ᠳᠦ ᠡᠨᠡ ᠣᠨ ᠳᠤ 3᠂ ᠲᠡᠭᠦᠨ ᠡᠴᠡ ᠳᠡᠭᠡᠭᠰᠢ ᠣᠳᠣ ᠲᠠᠢ ᠪᠠᠭᠤᠳᠠᠯ ᠤᠨ ᠣᠷᠣᠯᠭ᠎ᠠ 22᠂ ᠵᠡᠷᠭᠡᠯᠡᠯ ᠦᠭᠡᠢ ᠵᠣᠴᠢᠳ ᠪᠠᠭᠤᠳᠠᠯ ᠤᠨ ᠣᠷᠣᠯᠭ᠎ᠠ 12.9 ᠲᠡᠷᠪᠤᠮ ᠲᠥᠭᠥᠷᠢᠭ ᠢᠶᠡᠷ ᠥᠰᠦᠭᠰᠡᠨ ᠨᠢ ᠨᠥᠯᠦᠭᠡᠯᠡᠵᠡᠢ᠃ ᠢᠩᠭᠢᠭᠰᠡᠨ ᠢᠶᠡᠷ 3 ᠪᠠ ᠲᠡᠭᠦᠨ ᠡᠴᠡ ᠳᠡᠭᠡᠭᠰᠢ ᠣᠳᠣ ᠲᠠᠢ ᠪᠠᠭᠤᠳᠠᠯ ᠤᠨ ᠣᠷᠣᠯᠭ᠎ᠠ 158.2᠂  ᠬᠣᠶᠠᠷ ᠣᠳᠣᠲᠠᠢ ᠵᠣᠴᠢᠳ ᠪᠠᠭᠤᠳᠠᠯ ᠤᠨ ᠬᠢ 4.4᠂ ᠡᠩ ᠦᠨ ᠪᠠᠭᠤᠳᠠᠯ ᠤᠨ ᠬᠢ 41.4 ᠲᠡᠷᠪᠤᠮ ᠲᠥᠭᠥᠷᠢᠭ ᠲᠦ ᠬᠦᠷᠴᠡᠢ᠃
ᠬᠦᠯᠢᠶᠡᠵᠦ ᠠᠪᠤᠭᠰᠠᠨ ᠵᠣᠴᠢᠳ ᠤᠨ ᠲᠣᠭ᠎ᠠ ᠮᠥᠨ ᠬᠤᠭᠤᠴᠠᠭᠠᠨ ᠳᠤ 747.3 ᠮᠢᠩᠭ᠎ᠠ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 87.9 ᠮᠢᠩᠭ᠎ᠠ ᠪᠠᠷ ᠥᠰᠦᠭᠰᠡᠨ ᠪᠠᠶᠢᠨ᠎ᠠ᠃ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠤ ᠮᠡᠳᠡᠭᠡᠯᠡᠭᠰᠡᠨ ᠢᠶᠡᠷ ᠨᠢᠭᠡ ᠵᠣᠴᠢᠨ ᠳᠤ ᠨᠣᠭᠳᠠᠬᠤ ᠳᠤᠮᠳᠠᠴᠢ ᠣᠷᠣᠯᠭ᠎ᠠ 273.3 ᠮᠢᠩᠭᠠᠨ ᠲᠥᠭᠥᠷᠢᠭ ᠪᠠᠶᠢᠭ᠎ᠠ ᠭᠡᠨ᠎ᠡ᠃

ᠰᠡᠳᠬᠢᠭᠳᠡᠯ ᠦᠯᠡᠳᠡᠭᠡᠬᠦ