ᠱᠠᠰᠢᠨ ᠰᠤᠳᠤᠯᠤᠯ ᠤᠨ ᠲᠠᠯ᠎ᠠ ᠪᠠᠷ ᠮᠡᠳᠬᠡᠯᠴᠡᠵᠦ ᠪᠠᠶᠢᠨ᠎ᠠ  | News.MN

ᠱᠠᠰᠢᠨ ᠰᠤᠳᠤᠯᠤᠯ ᠤᠨ ᠲᠠᠯ᠎ᠠ ᠪᠠᠷ ᠮᠡᠳᠬᠡᠯᠴᠡᠵᠦ ᠪᠠᠶᠢᠨ᠎ᠠ 

ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠶᠠᠮᠤᠨ ᠮᠣᠩᠭᠣᠯ ᠤᠯᠤᠰ ᠤᠨ ᠶᠡᠬᠡ ᠰᠤᠷᠭᠠᠭᠤᠯᠢ ᠦᠨ ᠹᠢᠯᠣᠰᠣᠹᠢ ᠱᠠᠰᠢᠨ ᠰᠤᠳᠤᠯᠤᠯ ᠤᠨ ᠲᠢᠩᠬᠢᠮ᠂ ᠮᠣᠩᠭᠣᠯ ᠰᠤᠳᠤᠯᠤᠯ ᠤᠨ ᠬᠦᠷᠢᠶᠡᠯᠡᠩ ᠲᠡᠢ ᠬᠠᠮᠲᠤᠷᠠᠨ ︽ᠮᠣᠩᠭᠣᠯ ᠰᠤᠳᠤᠯᠤᠯ ᠳ᠋ᠡᠬᠢ ᠱᠠᠰᠢᠨ ᠰᠤᠳᠤᠯᠤᠯ ᠤᠨ ᠠᠰᠠᠭᠤᠳᠠᠯ ᠤᠳ︾ ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠪᠠᠭ᠎ᠠ ᠬᠤᠷᠠᠯ ᠵᠣᠬᠢᠶᠠᠨ ᠪᠠᠶᠢᠭᠤᠯᠤᠯ᠎ᠠ᠃ ᠮᠣᠩᠭᠣᠯ ᠰᠤᠳᠤᠯᠤᠯ ᠨᠢ ᠮᠣᠩᠭᠣᠯ ᠤᠯᠤᠰ ᠢ ᠬᠢᠯᠢ ᠶᠢᠨ ᠴᠢᠨᠠᠳᠤ ᠳᠤ ᠬᠠᠮᠤᠭ ᠤᠨ ᠵᠥᠪ ᠰᠤᠷᠲᠠᠯᠴᠢᠯᠠᠳᠠᠭ᠂ ᠮᠣᠩᠭᠣᠯᠴᠤᠳ ᠤᠨ ᠲᠡᠦᠬᠡᠨ ᠳᠦ ᠪᠠᠶᠢᠭᠰᠠᠨ᠂ ᠴᠢᠨᠠᠭᠰᠢᠳᠠ ᠪᠠᠶᠢᠵᠤ ᠪᠣᠯᠬᠤ ᠠᠰᠠᠭᠤᠳᠠᠯ ᠤᠳ ᠢ ᠲᠣᠳᠣᠷᠬᠠᠶᠢᠯᠠᠳᠠᠭ ᠣᠨᠴᠠᠯᠢᠭ ᠲᠠᠢ᠃ ᠲᠡᠷᠡ ᠤᠳᠬ᠎ᠠ ᠪᠠᠷ ᠢᠶᠠᠨ ᠡᠨᠡᠬᠦ ᠡᠷᠳᠡᠮ ᠰᠢᠨᠵᠢᠯᠡᠭᠡᠨ ᠦ ᠪᠠᠭ᠎ᠠ ᠬᠤᠷᠠᠯ ᠨᠢ ᠮᠣᠩᠭᠣᠯ ᠬᠦᠮᠦᠨ ᠦ ᠢᠲᠡᠭᠡᠯ ᠦᠨᠡᠮᠰᠢᠯ ᠦᠨ ᠢᠷᠡᠭᠡᠳᠦᠢ ᠶᠢ ᠲᠣᠳᠣᠷᠬᠠᠶᠢᠯᠠᠵᠤ᠂ ᠮᠣᠩᠭᠣᠯᠴᠤᠳ ᠤᠨ ᠱᠠᠰᠢᠨ ᠰᠢᠲᠦᠬᠦ᠂ ᠡᠰᠡ ᠰᠢᠲᠦᠬᠦ ᠡᠷᠬᠡ ᠶᠢ ᠬᠠᠩᠭᠠᠬᠤ ᠳᠤ ᠴᠢᠬᠤᠯᠠ ᠠᠴᠢ ᠬᠣᠯᠪᠣᠭᠳᠠᠯ ᠲᠠᠢ ᠪᠣᠯᠬᠤ ᠶᠢ ᠵᠣᠬᠢᠶᠠᠨ ᠪᠠᠶᠢᠭᠤᠯᠤᠭᠴᠢᠳ ᠣᠨᠴᠠᠯᠠᠯ᠎ᠠ᠃
ᠮᠣᠩᠭᠣᠯᠴᠤᠳ ᠤᠨ ᠱᠠᠰᠢᠨ ᠰᠢᠲᠦᠯᠭᠡ ᠶᠢᠨ ᠲᠡᠦᠬᠡ᠂ ᠲᠡᠭᠦᠨ ᠳᠦ ᠲᠣᠬᠢᠶᠠᠭᠰᠠᠨ ᠡᠮᠵᠡᠭ ᠠᠰᠠᠭᠤᠳᠠᠯ ᠤᠳ᠂ ᠲᠥᠷᠥ᠂ ᠰᠦᠮ᠎ᠡ ᠬᠡᠶᠢᠳ ᠦᠨ ᠬᠠᠷᠢᠯᠴᠠᠭᠠᠨ ᠤ ᠲᠤᠬᠠᠢ ᠬᠠᠤᠯᠢ᠂ ᠮᠣᠩᠭᠣᠯ ᠤᠯᠤᠰ ᠤᠨ ᠲᠥᠷᠥ᠂ ᠰᠦᠮ᠎ᠡ ᠬᠡᠶᠢᠳ ᠦᠨ ᠬᠠᠷᠢᠯᠴᠠᠭᠠᠨ ᠳᠤ ᠥᠭᠭᠦᠭᠰᠡᠨ ᠣᠯᠠᠨ ᠤᠯᠤᠰ ᠤᠨ ᠳ᠋ᠦᠩᠨᠡᠯᠲᠡ ᠂ ᠮᠣᠩᠭᠣᠯ ᠳ᠋ᠡᠬᠢ ᠱᠠᠰᠢᠨ ᠤ ᠪᠠᠶᠢᠭᠤᠯᠤᠯᠭ᠎ᠠ ᠨᠤᠭᠤᠳ ᠤᠨ ᠦᠢᠯᠡ ᠠᠵᠢᠯᠯᠠᠭ᠎ᠠ ᠂ ᠪᠣᠭᠳᠠ ᠬᠠᠭᠠᠨ ᠪᠣᠯᠤᠨ ᠣᠷᠴᠢᠨ ᠴᠠᠭ ᠤᠨ ᠬᠤᠲᠤᠭᠲᠤ ᠬᠤᠪᠢᠯᠭᠠᠳ ᠤᠨ ᠲᠠᠯᠠᠭᠠᠷᠬᠢ ᠠᠰᠠᠭᠤᠳᠠᠯ ᠤᠳ ᠵᠡᠷᠭᠡ ᠥᠷᠭᠡᠨ ᠴᠠᠷ᠎ᠠ ᠬᠦᠷᠢᠶ᠎ᠡ ᠶᠢ ᠬᠠᠮᠤᠷᠤᠭᠰᠠᠨ ᠰᠡᠳᠦᠪ ᠦᠳ ᠢᠶᠡᠷ ᠳᠣᠲᠣᠭᠠᠳᠤ ᠭᠠᠳᠠᠭᠠᠳᠤ ᠶᠢᠨ ᠰᠤᠳᠤᠯᠤᠭᠠᠴᠢᠳ ᠢᠯᠡᠳᠬᠡᠯ ᠲᠠᠯᠪᠢᠬᠤ ᠶᠤᠮ᠃

ᠰᠡᠳᠬᠢᠭᠳᠡᠯ ᠦᠯᠡᠳᠡᠭᠡᠬᠦ