︽ᠬᠢᠯᠢ ᠬᠢᠵᠠᠭᠠᠷ ᠦᠭᠡᠢ ᠠᠯᠲᠠᠢ︾ᠨᠠᠭᠠᠳᠤᠮ ᠪᠤᠯᠤᠯ᠎ᠠ  | News.MN

︽ᠬᠢᠯᠢ ᠬᠢᠵᠠᠭᠠᠷ ᠦᠭᠡᠢ ᠠᠯᠲᠠᠢ︾ᠨᠠᠭᠠᠳᠤᠮ ᠪᠤᠯᠤᠯ᠎ᠠ 

2019 ᠣᠨ ᠤ 11 ᠳᠦᠭᠡᠷ ᠰᠠᠷ᠎ᠠ ᠶᠢᠨ 02 -09 ᠍ ᠦ ᠬᠣᠭᠣᠷᠣᠨᠳᠣ ᠠᠯᠲᠠᠢ ᠶᠢᠨ ᠬᠢᠵᠠᠭᠠᠷ ᠤᠨ  ᠪᠸᠯᠤᠺᠤᠷᠢᠾᠠ᠂ ᠪᠢᠢᠰᠺ ᠬᠣᠲᠠ ᠨᠤᠭᠤᠳ ᠲᠤ ᠣᠷᠣᠰ᠂ ᠮᠣᠩᠭᠣᠯ ᠤᠨ ᠤᠷᠠᠨ ᠪᠦᠲᠦᠭᠡᠯᠴᠢ ᠵᠠᠯᠠᠭᠤᠴᠤᠳ ᠤᠨ  ︽ᠬᠢᠯᠢ ᠬᠢᠵᠠᠭᠠᠷ ᠦᠭᠡᠢ ᠠᠯᠲᠠᠢ︾ ᠠᠩᠬᠠᠳᠤᠭᠠᠷ ᠣᠯᠠᠨ ᠤᠯᠤᠰ ᠤᠨ ᠨᠠᠭᠠᠳᠤᠮ ᠪᠣᠯᠵᠤ ᠥᠩᠭᠡᠷᠡᠯ᠎ᠡ᠃ ᠨᠠᠭᠠᠳᠤᠮ ᠢ ᠠᠨᠳ᠋ᠷᠸᠢ ᠪᠣᠭᠣᠯᠢᠶᠦᠪᠰᠺ ᠤᠨ ᠰᠠᠩ ᠂ ᠣᠷᠣᠰ ᠤᠨ ᠰᠤᠶᠤᠯ ᠤᠨ ᠰᠠᠩ᠂  ᠠᠯᠲᠠᠶᠢᠰᠺᠢ ᠵᠠᠮᠣᠺ ᠰᠤᠪᠢᠯᠠᠯ ᠤᠨ ᠭᠠᠵᠠᠷ ᠪᠣᠯᠤᠨ ᠠᠯᠲᠠᠢ ᠶᠢᠨ ᠬᠢᠵᠠᠭᠠᠷ ᠤᠨ ᠵᠠᠰᠠᠭ ᠵᠠᠬᠢᠷᠭ᠎ᠠ ᠂ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ -ᠰᠤᠶᠤᠯ ᠤᠷᠠᠯᠢᠭ ᠤᠨ ᠭᠠᠵᠠᠷ ᠤᠨ ᠳᠡᠮᠵᠢᠯᠭᠡ ᠲᠡᠢ ᠪᠡᠷ ᠵᠣᠬᠢᠶᠠᠨ ᠪᠠᠶᠢᠭᠤᠯᠪᠠ᠃
ᠨᠠᠭᠠᠳᠤᠮ ᠳᠤ ᠣᠷᠣᠯᠴᠠᠬᠤ ᠪᠠᠷ ᠣᠷᠣᠰ ᠪᠣᠯᠤᠨ ᠮᠣᠩᠭᠣᠯ ᠤᠨ 60 ᠭᠠᠷᠤᠢ ᠵᠠᠯᠠᠭᠤᠰ ᠴᠤᠭᠯᠠᠷᠠᠭᠰᠠᠨ ᠪᠥᠭᠡᠳ ᠲᠡᠳᠡᠨ ᠦ ᠳᠤᠮᠳᠠ ᠭᠣᠴᠣᠯᠠᠯ ᠵᠦᠴᠦᠭᠡᠴᠢᠳ ᠪᠠ ᠴᠢᠭᠤᠯᠭ᠎ᠠ ᠬᠠᠮᠲᠤᠯᠢᠭ ᠤᠳ ᠪᠠᠶᠢᠪᠠ᠃ ᠨᠠᠭᠠᠳᠤᠮ ᠳᠤ ᠣᠷᠣᠰ ᠤᠨ ᠲᠠᠯ᠎ᠠ ᠠᠴᠠ ᠪᠠᠷᠨᠠᠤᠯ ᠂ ᠪᠸᠯᠤᠺᠤᠷᠢᠾᠠ᠂ ᠪᠢᠢᠰᠺ ᠬᠣᠲᠠ ᠨᠤᠭᠤᠳ ᠤᠨ ᠶᠡᠬᠡ᠂ ᠳᠡᠭᠡᠳᠦ᠂ ᠳᠤᠮᠳᠠ ᠰᠤᠷᠭᠠᠭᠤᠯᠢ ᠨᠤᠭᠤᠳ ᠤᠨ ᠣᠶᠤᠲᠠᠨ ᠰᠤᠷᠤᠭᠴᠢᠳ᠂ ᠬᠠᠷᠢᠨ ᠮᠣᠩᠭᠣᠯ ᠤᠯᠤᠰ ᠠᠴᠠ ᠺᠣᠨᠰᠧᠷᠠᠸᠠᠲ᠋ᠣᠷ ᠤᠨ ᠪᠣᠯᠤᠨ ᠰᠤᠶᠤᠯ ᠤᠷᠠᠯᠢᠭ ᠤᠨ ᠰᠤᠷᠭᠠᠭᠤᠯᠢ ᠨᠤᠭᠤᠳ ᠤᠨ ᠰᠤᠷᠤᠭᠴᠢᠳ ᠤᠷᠤᠯᠴᠠᠪᠠ᠃ ︽ᠮᠣᠩᠭᠣᠯ ᠠᠷᠠᠳ ᠤᠨ ᠬᠥᠭᠵᠢᠮ ᠦᠨ ᠨᠠᠢᠮᠠᠭᠤᠯᠠ︾ ᠬᠠᠮᠲᠤᠯᠢᠭ ᠮᠣᠩᠭᠣᠯ ᠤᠨ ᠲᠠᠯ᠎ᠠ ᠠᠴᠠ ᠬᠠᠮᠤᠭ ᠤᠨ ᠰᠢᠯᠢᠳᠡᠭ ᠢᠶᠡᠷ ᠲᠣᠳᠣᠷᠠᠵᠤ᠂ ᠨᠠᠭᠠᠳᠤᠮ ᠤᠨ  ᠭᠷᠡᠨᠫᠷᠢ ᠱᠠᠩᠨᠠᠯ ᠢ ᠠᠪᠴᠤ᠂ 2020 ᠣᠨ ᠤ ᠨᠢᠭᠡᠳᠦᠭᠡᠷ ᠰᠠᠷ᠎ᠠ ᠳᠤ ᠮᠣᠰᠺᠸᠠ ᠬᠤᠲᠠ ᠪᠠᠷ ᠠᠶᠠᠯᠠᠬᠤ ᠤᠷᠢᠯᠭ᠎ᠠ ᠪᠠᠷ ᠱᠠᠩᠨᠠᠭᠳᠠᠭᠰᠠᠨ᠃ ᠲᠡᠭᠦᠨᠴᠢᠯᠡᠨ ᠮᠠᠰᠢ ᠠᠪᠢᠶᠠᠰᠯᠢᠭ᠂ ᠮᠡᠷᠭᠡᠵᠢᠯ ᠦᠨ 6 ᠮᠣᠩᠭᠣᠯ ᠵᠠᠯᠠᠭᠤᠰ ︽ᠨᠢᠭᠡᠳᠦᠭᠡᠷ ᠵᠡᠷᠭᠡ ᠶᠢᠨ ᠯᠠᠤᠷᠸᠲ︾ ᠱᠠᠩᠨᠠᠯ ᠢ ᠬᠦᠷᠲᠡᠵᠡᠢ᠃
ᠣᠯᠠᠨ ᠤᠯᠤᠰ ᠤᠨ ᠤᠷᠠᠨ ᠪᠦᠲᠦᠭᠡᠯᠴᠢ ᠵᠠᠯᠠᠭᠤᠴᠤᠳ ᠤᠨ ᠨᠠᠭᠠᠳᠤᠮ ᠢ ᠵᠢᠯ ᠪᠦᠷᠢ ᠵᠣᠬᠢᠶᠠᠨ ᠪᠠᠶᠢᠭᠤᠯᠬᠤ ᠪᠠᠷ ᠲᠥᠯᠦᠪᠯᠡᠵᠦ ᠪᠠᠶᠢᠭ᠎ᠠ ᠪᠥᠭᠡᠳ ᠣᠷᠣᠰ ᠤᠨ ᠪᠤᠰᠤᠳ ᠪᠦᠰᠡ ᠨᠤᠲᠤᠭ ᠤᠨ ᠪᠣᠯᠤᠨ ᠳᠡᠯᠡᠬᠡᠢ ᠶᠢᠨ ᠤᠯᠤᠰ ᠣᠷᠣᠨ ᠨᠤᠭᠤᠳ ᠤᠨ ᠠᠪᠢᠶᠠᠰᠯᠢᠭ ᠵᠠᠯᠠᠭᠤᠰ ᠤᠭ ᠨᠠᠭᠠᠳᠤᠮ ᠳᠤ ᠨᠢᠭᠡᠳᠦᠨ ᠣᠷᠣᠯᠴᠠᠬᠤ ᠪᠣᠯᠤᠨ᠎ᠠ᠃

ᠰᠡᠳᠬᠢᠭᠳᠡᠯ ᠦᠯᠡᠳᠡᠭᠡᠬᠦ