ᠢᠷᠭᠡᠨ ᠦ ᠬᠥᠳᠡᠯᠭᠡᠭᠡᠨ ‍ᠣ ᠬᠢᠨ ᠳᠦ ᠬᠠᠷᠢᠭᠤ ᠥᠭᠪᠡ  | News.MN

ᠢᠷᠭᠡᠨ ᠦ ᠬᠥᠳᠡᠯᠭᠡᠭᠡᠨ ‍ᠣ ᠬᠢᠨ ᠳᠦ ᠬᠠᠷᠢᠭᠤ ᠥᠭᠪᠡ 

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠬᠠᠨᠳᠤᠵᠤ᠂ ︽ᠠᠷᠠᠳ ᠲᠦᠮᠡᠨ ᠦ ᠱᠲ᠋ᠠᠪ︾ ᠬᠥᠳᠡᠯᠭᠡᠭᠡᠨ ᠡᠴᠡ 2019 ᠣᠨ ᠤ ᠠᠷᠪᠠᠨ ᠨᠢᠭᠡᠳᠦᠭᠡᠷ ᠰᠠᠷ᠎ᠠ ᠶᠢᠨ 13 ᠤ ᠡᠳᠦᠷ ᠢᠷᠡᠭᠦᠯᠦᠭᠰᠡᠨ ᠱᠠᠭᠠᠷᠳᠠᠯᠭ᠎ᠠ ᠶᠢᠨ ᠬᠠᠷᠢᠭᠤ ᠶᠢ ᠥᠨᠥᠳᠥᠷ ︵2019.11.15︶ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠬᠠᠤᠯᠢ ᠡᠷᠬᠡ ᠵᠦᠢ ᠶᠢᠨ ᠬᠡᠯᠲᠡᠰ ᠦᠨ ᠳᠠᠷᠤᠭ᠎ᠠ ᠡ᠊∙ᠲᠦᠪᠰᠢᠨᠵᠢᠷᠭᠠᠯ ᠭᠠᠷᠳᠠᠭᠤᠯᠤᠨ ᠥᠭᠭᠦᠯ᠎ᠡ᠃
ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ  ᠶᠢᠨ ᠬᠠᠷᠢᠭᠤ ᠳᠤ ᠄ ᠲᠠᠨ ᠤ ᠱᠲ᠋ᠠᠪ ᠠᠴᠠ ᠤᠯᠤᠰ ᠤᠨ ᠶᠡᠬᠡ ᠬᠤᠷᠠᠯ ᠳᠤ 2019 ᠣᠨ ᠤ 11 ᠳ᠋ᠤᠭᠡᠷ ᠰᠠᠷ᠎ᠠ ᠶᠢᠨ 13 ᠍ ᠤ ᠡᠳᠦᠷ ᠢᠷᠡᠭᠦᠯᠦᠭᠰᠡᠨ ᠱᠠᠭᠠᠷᠳᠠᠯᠭ᠎ᠠ ᠲᠠᠢ ᠲᠠᠨᠢᠯᠴᠠᠯ᠎ᠠ᠃ ᠤᠯᠤᠰ ᠤᠨ ᠶᠡᠬᠡ ᠬᠤᠷᠠᠯ ᠲᠠᠷᠠᠬᠤ ᠠᠰᠠᠭᠤᠳᠠᠯ ᠢ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠬᠣᠷᠢᠨ ᠬᠣᠶᠠᠳᠤᠭᠠᠷ ᠵᠦᠢᠯ ᠦᠨ ᠬᠤᠶᠠᠳᠠᠬᠢ ᠬᠡᠰᠡᠭ ᠪᠣᠯᠤᠨ ᠮᠣᠩᠭᠣᠯ ᠤᠯᠤᠰ ᠤᠨ ᠶᠡᠬᠡ ᠬᠤᠷᠠᠯ ᠤᠨ ᠲᠤᠬᠠᠢ ᠬᠠᠤᠯᠢ ᠶᠢᠨ 31 ᠳ᠋ᠤᠭᠡᠷ ᠵᠦᠢᠯ ᠢᠶᠡᠷ ᠲᠣᠳᠣᠷᠬᠠᠢ ᠵᠣᠬᠢᠴᠠᠭᠤᠯᠤᠭᠰᠠᠨ᠃ ᠤᠯᠤᠰ ᠤᠨ ᠶᠡᠬᠡ ᠬᠤᠷᠠᠯ ᠪᠥᠷᠢᠨ ᠡᠷᠬᠡ ᠪᠡᠨ ᠬᠡᠷᠡᠭᠵᠢᠭᠦᠯᠬᠦ ᠪᠣᠯᠤᠮᠵᠢ ᠦᠭᠡᠢ ᠭᠡᠵᠦ ᠨᠡᠶᠢᠲᠡ ᠭᠡᠰᠢᠭᠦᠨ ᠦ ᠭᠤᠷᠪᠠᠨ ᠤ ᠬᠣᠶᠠᠷ ᠠᠴᠠ ᠳᠣᠭᠣᠭᠰᠢ ᠦᠭᠡᠢ ᠨᠢ ᠦᠵᠡᠭᠰᠡᠨ ᠢᠶᠡᠷ ᠪᠤᠶᠤ ᠡᠰᠡᠬᠦᠯ᠎ᠡ ᠮᠦᠨ ᠰᠢᠯᠲᠠᠭᠠᠨ ᠢᠶᠠᠷ ᠶᠡᠷᠦᠩᠬᠡᠶᠢᠯᠡᠭᠴᠢ ᠤᠯᠤᠰ ᠤᠨ ᠶᠡᠬᠡ ᠬᠤᠷᠠᠯ ᠤᠨ ᠳᠠᠷᠤᠭ᠎ᠠ ᠲᠠᠢ ᠵᠥᠪᠰᠢᠯᠴᠡᠨ ᠰᠠᠨᠠᠯ ᠪᠣᠯᠭᠠᠭᠰᠠᠨ ᠢᠶᠠᠷ ᠥᠪᠡᠷ ᠢᠶᠡᠨ ᠲᠠᠷᠠᠬᠤ ᠰᠢᠢᠳᠪᠦᠷᠢ ᠭᠠᠷᠭᠠᠳᠠᠭ᠃ ᠲᠠᠨ ᠤ ᠱᠠᠭᠠᠷᠳᠠᠯᠭ᠎ᠠ ᠶᠢᠨ ᠳᠠᠭᠠᠤ ᠤᠯᠤᠰ ᠤᠨ ᠶᠡᠬᠡ ᠬᠤᠷᠠᠯ ᠤᠨ ᠳᠠᠷᠤᠭ᠎ᠠ ᠤᠯᠤᠰ ᠤᠨ ᠶᠡᠬᠡ ᠬᠤᠷᠠᠯ ᠢ ᠲᠠᠷᠠᠭᠠᠬᠤ ᠰᠠᠨᠠᠭᠠᠴᠢᠯᠠᠭ᠎ᠠ ᠭᠠᠷᠭᠠᠬᠤ ᠨᠢ ᠦᠨᠳᠦᠰᠦᠨ ᠬᠠᠤᠯᠢ ᠵᠥᠷᠢᠴᠡᠭᠰᠡᠨ ᠬᠡᠷᠡᠭ ᠪᠣᠯᠬᠤ ᠶᠤᠮ ᠭᠡᠵᠡᠢ᠃

ᠰᠡᠳᠬᠢᠭᠳᠡᠯ ᠦᠯᠡᠳᠡᠭᠡᠬᠦ