ᠬᠠᠷᠠᠬᠣᠷᠣᠮ ᠤᠨ ᠣᠢ ᠶᠢ ᠲᠡᠮᠳᠡᠭᠯᠡᠬᠦ ᠲᠤᠬᠠᠢ ᠶᠤᠨᠧᠰᠺᠤ ᠳᠦ ᠤᠯᠠᠮᠵᠢᠯᠠᠪᠠ  | News.MN

ᠬᠠᠷᠠᠬᠣᠷᠣᠮ ᠤᠨ ᠣᠢ ᠶᠢ ᠲᠡᠮᠳᠡᠭᠯᠡᠬᠦ ᠲᠤᠬᠠᠢ ᠶᠤᠨᠧᠰᠺᠤ ᠳᠦ ᠤᠯᠠᠮᠵᠢᠯᠠᠪᠠ 

ᠮᠣᠩᠭᠣᠯ ᠤᠯᠤᠰ ᠤᠨ ᠪᠤᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠤᠷᠲ ᠤᠨ ᠶᠠᠮᠤᠨ ‍ᠣ ᠰᠠᠶᠢᠳ ᠶᠣ᠊∙ᠪᠠᠭᠠᠲᠤᠷᠪᠢᠯᠢᠭ᠌ ᠶᠤᠨᠧᠰᠺᠤ ᠍ ᠶᠢᠨ ᠭᠡᠰᠢᠭᠦᠨ ᠣᠷᠣᠨ ᠨᠤᠭᠤᠳ ᠤᠨ ᠰᠤᠶᠤᠯ ᠤᠨ ᠰᠠᠶᠢᠳ ᠨᠠᠷ ᠤᠨ ᠴᠢᠭᠤᠯᠭ᠎ᠠ ᠠᠭᠤᠯᠵᠠᠯᠲᠠ ᠳᠤ ᠤᠷᠤᠯᠴᠠᠬᠤ ᠦᠶ᠎ᠡ ᠪᠡᠷ ᠢᠶᠡᠨ ᠶᠤᠨᠧᠰᠺᠤ ᠶᠢᠨ ᠶᠡᠷᠦᠩᠬᠡᠢ ᠵᠠᠬᠢᠷᠤᠯ᠂ ᠬᠠᠲᠤᠭᠲᠠᠢ ᠤᠳ᠋ᠷᠢ ᠠᠽᠤᠯᠡᠢ ᠲᠠᠢ ᠠᠭᠤᠯᠵᠠᠵᠤ᠂ 2020 ᠣᠨ ᠳᠤ ᠬᠠᠷᠠᠬᠣᠷᠣᠮ ᠬᠣᠲᠠ ᠪᠠᠶᠢᠭᠤᠯᠤᠭᠳᠠᠭᠰᠠᠨ ᠤ 800 ᠵᠢᠯ ᠦᠨ ᠣᠢ ᠶᠢ ᠶᠤᠨᠧᠰᠺᠤ ᠶᠢᠨ ᠣᠷᠣᠯᠴᠠᠭ᠎ᠠ ᠲᠠᠢ ᠵᠣᠬᠢᠶᠠᠨ ᠪᠠᠶᠢᠭᠤᠯᠬᠤ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ ᠣᠯᠠᠨ ᠤᠯᠤᠰ ᠤᠨ ᠵᠠᠯᠠᠭᠤᠴᠤᠳ ᠤᠨ ᠨᠣᠭᠣᠭᠠᠨ ᠨᠠᠭᠠᠳᠤᠮ ᠢ ᠵᠣᠬᠢᠶᠠᠨ ᠪᠠᠶᠢᠭᠤᠯᠬᠤ ᠰᠠᠨᠠᠭᠠᠴᠢᠯᠠᠭ᠎ᠠ ᠶᠢ ᠮᠣᠩᠭᠣᠯ ᠤᠯᠤᠰ ᠭᠠᠷᠭᠠᠵᠤ ᠪᠠᠶᠢᠭ᠎ᠠ ᠶᠢ ᠳᠤᠭᠤᠯᠭᠠᠵᠤ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠬᠢᠳᠠᠯ ᠢ ᠭᠠᠷᠳᠠᠭᠤᠯᠤᠨ ᠥᠭᠪᠡ᠃
ᠮᠥᠨ ᠶᠤᠨᠧᠰᠺᠤ ᠶᠢᠨ ᠰᠤᠶᠤᠯ ᠤᠨ ᠰᠧᠺᠲ᠋ᠣᠷ ᠤᠨ ᠬᠣᠯᠪᠣᠭᠳᠠᠬᠤ ᠠᠯᠪᠠᠨ ᠲᠤᠰᠢᠶᠠᠯᠲᠠᠳ ᠲᠠᠢ ᠠᠵᠢᠯ ᠬᠡᠷᠡᠭ ᠦᠨ ᠠᠭᠤᠯᠵᠠᠯᠲᠠ ᠬᠢᠵᠦ᠂ ᠧᠦ᠋ᠷᠣᠫᠠ ᠶᠢᠨ ᠬᠣᠯᠪᠣᠭᠠᠨ ᠤ ᠰᠠᠩᠬᠦᠦᠵᠢᠯᠲᠡ ᠪᠡᠷ 1.5 ᠵᠢᠯ ᠬᠡᠷᠡᠭᠵᠢᠬᠦ ᠲᠧᠭᠨᠢᠭ ᠦᠨ ᠲᠤᠰᠠᠯᠠᠯᠴᠠᠭᠠᠨ ᠤ ᠲᠥᠰᠥᠯ ᠳᠦ ᠮᠣᠩᠭᠣᠯ ᠤᠯᠤᠰ ᠢ ᠬᠠᠮᠤᠷᠤᠭᠤᠯᠬᠤ ᠬᠦᠰᠡᠯᠲᠡ ᠶᠢ ᠭᠠᠷᠭᠠᠯ᠎ᠠ᠃ ᠤᠭ ᠲᠥᠰᠥᠯ ᠨᠢ ᠰᠤᠶᠤᠯ ᠤᠨ ᠰᠠᠯᠪᠤᠷᠢ ᠶᠢᠨ ᠪᠣᠳᠣᠯᠭ᠎ᠠ ᠶᠢ ᠲᠣᠳᠣᠷᠬᠠᠶᠢᠯᠠᠬᠤ᠂ ᠦᠷ᠎ᠡ ᠳ᠋ᠦᠩ ᠳᠦ ᠬᠦᠷᠭᠡᠬᠦ ᠬᠡᠷᠡᠭᠵᠢᠯᠲᠡ ᠶᠢ ᠬᠡᠷᠬᠢᠨ ᠵᠣᠬᠢᠶᠠᠨ ᠪᠠᠶᠢᠭᠤᠯᠬᠤ ᠲᠠᠯ᠎ᠠ ᠪᠠᠷ ᠬᠥᠭᠵᠢᠵᠦ ᠪᠤᠢ ᠣᠷᠣᠨ ᠨᠤᠭᠤᠳ ᠲᠤ ᠲᠧᠭᠨᠢᠭ ᠦᠨ ᠲᠤᠰᠠᠯᠠᠯᠴᠠᠭ᠎ᠠ ᠦᠵᠡᠭᠦᠯᠬᠦ ᠵᠣᠷᠢᠯᠭ᠎ᠠ ᠲᠠᠢ ᠶᠤᠮ᠃

ᠰᠡᠳᠬᠢᠭᠳᠡᠯ ᠦᠯᠡᠳᠡᠭᠡᠬᠦ