ᠮᠣᠩᠭᠣᠯᠴᠤᠳ ᠤᠨ ᠥᠪᠡᠷᠰᠡᠳ ᠦᠨ ᠨᠥᠭᠡᠴᠡ ᠪᠣᠯᠤᠯᠴᠠᠭ᠎ᠠ ᠪᠠᠷ ᠪᠠᠷᠢᠵᠤ ᠪᠤᠢ ᠦᠨᠳᠦᠰᠦᠨ ᠦ ᠲᠣᠮᠣᠬᠠᠨ ᠪᠦᠲᠦᠭᠡᠨ ᠪᠠᠶᠢᠭᠤᠯᠤᠯᠲᠠ ᠪᠣᠯᠬᠤ ᠲᠠᠪᠤᠨᠲᠤᠯᠤᠭᠠᠢ- ᠵᠡᠭᠦᠨᠪᠠᠶᠠᠨ ᠴᠢᠭᠯᠡᠯ ᠦᠨ 414.6 ᠺᠢᠯᠣᠮᠧᠲ᠋ᠷ ᠲᠡᠮᠦᠷ ᠵᠠᠮ ᠤᠨ ᠡᠬᠢᠨ ᠦ 7 ᠺᠢᠯᠣᠮᠧᠲ᠋ᠷ ᠢ ︽ᠤᠯᠠᠭᠠᠨᠪᠠᠭᠠᠲᠤᠷ ᠤᠨ ᠲᠡᠮᠦᠷ ᠵᠠᠮ︾ ᠍ ᠦᠨ ᠢᠨᠵᠧᠨᠧᠷ ᠲᠧᠭᠨᠢᠭ ᠦᠨ ᠠᠵᠢᠯᠲᠠᠨ ᠨᠤᠭᠤᠳ ᠡᠨᠡ ᠣᠨ ᠳᠤ ᠪᠠᠭᠲᠠᠭᠠᠨ ᠤᠭᠰᠠᠷᠠᠬᠤ ᠪᠠᠷ ᠲᠥᠯᠥᠪᠯᠡᠭᠰᠡᠨ ᠡᠴᠡ 1.9 ᠺᠢᠯᠣᠮᠧᠲ᠋ᠷ ᠲᠡᠮᠦᠷ ᠵᠠᠮ ᠢ 11.19 ᠳᠤ ᠤᠭᠰᠠᠷᠠᠯᠠ᠃
ᠲᠡᠮᠦᠷ ᠵᠠᠮ ᠤᠨ ᠳᠤᠤᠷᠠᠳᠤ ᠪᠦᠲᠦᠴᠡ ᠶᠢ ᠵᠡᠪᠰᠡᠭᠲᠦ ᠬᠦᠴᠦᠨ ᠦ ᠵᠠᠩᠵᠤᠨ ᠱᠲ᠋ᠠᠪ᠂ ᠠᠵᠤ ᠠᠬᠤᠢ ᠶᠢᠨ ᠨᠢᠭᠡᠴᠡ ᠨᠦᠭᠦᠳ᠂ ᠳᠡᠭᠡᠳᠦ ᠪᠦᠲᠦᠴᠡ ᠶᠢ ᠤᠯᠠᠭᠠᠨᠪᠠᠭᠠᠲᠤᠷ ᠤᠨ ᠲᠡᠮᠦᠷ ᠵᠠᠮ ᠭᠦᠢᠴᠡᠳᠭᠡᠵᠦ ᠪᠠᠶᠢᠨ᠎ᠠ᠃
ᠰᠠᠭᠤᠷᠢ ᠳᠠᠯᠠᠩ ᠤᠨ ᠠᠵᠢᠯ ᠢ ᠡᠮᠦᠨᠡᠭᠣᠪᠢ ᠠᠶᠢᠮᠠᠭ ᠤᠨ ᠴᠣᠭᠲᠤᠴᠡᠴᠡᠢ ᠰᠤᠮᠤᠨ ᠳᠤ 21 ᠠᠵᠤ ᠠᠬᠤᠢ ᠶᠢᠨ ᠨᠢᠭᠡᠴᠡ 180 ᠺᠢᠯᠣᠮᠧᠲ᠋ᠷ᠂ ᠳᠣᠷᠣᠨᠠᠭᠣᠪᠢ ᠠᠶᠢᠮᠠᠭ ᠤᠨ ᠮᠠᠨᠳᠤᠬᠤ ᠰᠤᠮᠤᠨ ᠳᠤ ᠵᠡᠪᠰᠡᠭᠲᠦ ᠬᠦᠴᠦᠨ ᠦ 340 ᠳ᠋ᠤᠭᠡᠷ ᠠᠩᠭᠢ᠂ 8 ᠠᠵᠤ ᠠᠬᠤᠢ ᠶᠢᠨ ᠨᠢᠭᠡᠴᠡ 50 ᠺᠢᠯᠣᠮᠧᠲ᠋ᠷ᠂ ᠵᠡᠭᠦᠨᠪᠠᠶᠠᠨ ᠳᠤ ᠵᠡᠪᠰᠡᠭᠲᠦ ᠬᠦᠴᠦᠨ ᠦ ᠲᠡᠮᠦᠷ ᠵᠠᠮ ᠤᠨ ᠬᠡᠭᠡᠷ᠎ᠡ ᠶᠢᠨ 7781᠂ 7782 ᠳ᠋ᠤᠭᠠᠷ ᠠᠩᠭᠢ ᠨᠤᠭᠤᠳ᠂ 13 ᠠᠵᠤ ᠠᠬᠤᠢ ᠶᠢᠨ ᠨᠢᠭᠡᠴᠡ 80 ᠺᠢᠯᠣᠮᠧᠲ᠋ᠷ᠂ ᠭᠦᠦᠷ ᠪᠠᠷᠢᠬᠤ ᠠᠵᠢᠯ ᠢ 3 ᠠᠵᠤ ᠠᠬᠤᠢ ᠶᠢᠨ ᠨᠢᠭᠡᠴᠡ᠂ ᠬᠣᠭᠣᠯᠠᠢ ᠪᠠᠷᠢᠬᠤ ᠠᠵᠢᠯ ᠢ ᠵᠡᠪᠰᠡᠭᠲᠦ ᠬᠦᠴᠦᠨ ᠦ 017᠂ 338᠂ ᠲᠡᠮᠦᠷ ᠵᠠᠮ ᠤᠨ ᠬᠡᠭᠡᠷ᠎ᠡ ᠶᠢᠨ 7781᠂ 7782 ᠳ᠋ᠤᠭᠠᠷ ᠠᠩᠭᠢ ᠨᠤᠭᠤᠳ ᠪᠣᠯᠤᠨ ᠬᠢᠨᠠᠯᠲᠠ ᠶᠢᠨ ᠺᠣᠮᠫᠠᠨᠢ ᠨᠤᠭᠤᠳ ᠬᠠᠮᠲᠤᠷᠠᠨ ᠭᠦᠢᠴᠡᠳᠭᠡᠵᠦ ᠪᠠᠶᠢᠭ᠎ᠠ ᠶᠤᠮ᠃ ᠪᠦᠲᠦᠭᠡᠨ ᠪᠠᠶᠢᠭᠤᠯᠤᠯᠲᠠ ᠶᠢᠨ ᠠᠵᠢᠯ ᠳᠤ 2019 ᠣᠨ ᠤ 11 ᠳ᠋ᠤᠭᠡᠷ ᠰᠠᠷ᠎ᠠ ᠶᠢᠨ 19 ᠍ ᠦ ᠪᠠᠶᠢᠳᠠᠯ ᠢᠶᠠᠷ ᠨᠡᠶᠢᠲᠡ 58 ᠠᠵᠤ ᠠᠬᠤᠢ ᠶᠢᠨ ᠨᠢᠭᠡᠴᠡ᠂ 2218 ᠲᠧᠭᠨᠢᠭ᠂ 3478 ᠬᠦᠮᠦᠨ ᠬᠦᠴᠦ ᠠᠵᠢᠯᠯᠠᠵᠤ ᠪᠠᠶᠢᠨ᠎ᠠ᠃