ᠨ∙ᠪᠠᠶᠠᠷᠲᠤᠰᠠᠶᠢᠬᠠᠨ ᠡᠷᠭᠦᠳᠡᠯ ᠢᠶᠡᠨ ᠦᠭᠴᠡᠢ  | News.MN

ᠨ∙ᠪᠠᠶᠠᠷᠲᠤᠰᠠᠶᠢᠬᠠᠨ ᠡᠷᠭᠦᠳᠡᠯ ᠢᠶᠡᠨ ᠦᠭᠴᠡᠢ 

ᠮᠣᠩᠭᠣᠯ ᠤᠯᠤᠰ ︽ᠰᠠᠷᠠᠯ ᠵᠢᠭᠰᠠᠭᠠᠯᠲᠠ︾᠍ ᠳᠦ ᠣᠷᠣᠭᠰᠠᠨ ᠲᠠᠢ ᠬᠣᠯᠪᠣᠭᠠᠲᠠᠢ ᠪᠠᠷ ᠮᠣᠩᠭᠣᠯ ᠪᠠᠩᠬᠢ᠂ ᠰᠠᠩᠬᠦᠦ ᠶᠢᠨ ᠵᠣᠬᠢᠴᠠᠭᠤᠯᠬᠤ ᠬᠣᠷᠢᠶᠠᠨ ᠤ ᠤᠳᠤᠷᠢᠳᠤᠯᠭ᠎ᠠ ᠳᠤ ᠬᠠᠷᠢᠭᠤᠴᠠᠯᠭ᠎ᠠ ᠲᠣᠭᠠᠴᠠᠬᠤ ᠠᠰᠠᠭᠤᠳᠠᠯ ᠰᠡᠬᠦᠭᠳᠡᠭᠰᠡᠨ ᠪᠢᠯᠡ᠃ ᠲᠡᠭᠡᠪᠡᠯ ᠡᠬᠢ ᠰᠤᠷᠪᠤᠯᠵᠢ ᠨᠤᠭᠤᠳ ᠤᠨ ᠥᠭᠴᠦ ᠪᠤᠢ ᠮᠡᠳᠡᠭᠡᠯᠡᠯ ᠢᠶᠡᠷ ᠮᠣᠩᠭᠣᠯ  ᠪᠠᠩᠭᠢᠨ ᠤ ᠶᠡᠷᠦᠩᠬᠡᠶᠢᠯᠡᠭᠴᠢ ᠨ∙ᠪᠠᠶᠠᠷᠲᠤᠰᠠᠶᠢᠬᠠᠨ ᠥᠪᠡᠷ ᠦᠨ ᠬᠦᠰᠡᠯᠲᠡ ᠪᠡᠷ ᠠᠵᠢᠯ ᠢᠶᠠᠨ ᠬᠦᠯᠢᠶᠡᠯᠭᠡᠨ ᠥᠭᠬᠦ ᠡᠷᠭᠦᠳᠡᠯ ᠢᠶᠡᠨ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠭᠠᠷᠭᠠᠭᠰᠠᠨ ᠪᠠᠶᠢᠨ᠎ᠠ᠃
ᠮᠣᠩᠭᠣᠯ ᠪᠠᠩᠭᠢᠨ ᠤ ᠣᠳᠣ ᠶᠢᠨ ᠤᠳᠤᠷᠢᠳᠤᠯᠭ᠎ᠠ ᠶᠢ ᠮᠣᠩᠭᠣᠯ ᠤᠯᠤᠰ ᠢ ᠰᠠᠷᠠᠯ ᠵᠢᠭᠰᠠᠭᠠᠯᠲᠠ ᠳᠤ ᠣᠷᠣᠭᠤᠯᠤᠭᠰᠠᠨ ᠠᠴᠠ ᠭᠠᠳᠠᠨ᠎ᠠ ᠡᠳ᠋ ᠍ ᠦᠨ ᠵᠠᠰᠠᠭ ᠤᠨ ᠥᠰᠦᠯᠲᠡ ᠲᠡᠢ ᠥᠨᠥ ᠦᠶ᠎ᠡ ᠳᠦ ᠲᠥᠭᠥᠷᠢᠭ ᠦᠨ ᠬᠠᠩᠰᠢ ᠶᠢ ᠠᠯᠠᠳᠠᠭᠰᠠᠨ᠂ ᠪᠠᠩᠬᠢ ᠳᠠᠮᠫᠤᠤᠷᠠᠭᠰᠠᠨ ᠳᠦ ᠡᠷᠲᠡ ᠠᠷᠭ᠎ᠠ ᠬᠡᠮᠵᠢᠶ᠎ᠡ ᠠᠪᠴᠤ ᠠᠵᠢᠯᠯᠠᠭᠰᠠᠨ ᠦᠭᠡᠢ ᠭᠡᠬᠦ ᠮᠡᠲᠦ ᠠᠰᠠᠭᠤᠳᠠᠯ ᠳᠤ ᠪᠤᠷᠤᠭᠤᠳᠬᠠᠵᠤ ᠪᠠᠶᠢᠭ᠎ᠠ ᠪᠢᠯᠡ᠃

ᠰᠡᠳᠬᠢᠭᠳᠡᠯ ᠦᠯᠡᠳᠡᠭᠡᠬᠦ