ᠬᠦᠯ ᠪᠦᠮᠪᠦᠭᠡ ᠶᠢᠨ ᠪᠠᠭ ᠬᠠᠮᠤᠭ ᠤᠨ ᠰᠡᠭᠦᠯ ᠳᠦ ᠤᠷᠤᠪᠠ  | News.MN

ᠬᠦᠯ ᠪᠦᠮᠪᠦᠭᠡ ᠶᠢᠨ ᠪᠠᠭ ᠬᠠᠮᠤᠭ ᠤᠨ ᠰᠡᠭᠦᠯ ᠳᠦ ᠤᠷᠤᠪᠠ 

ᠪᠢᠷᠮᠠ ᠳᠤ ᠪᠣᠯᠵᠤ ᠪᠤᠢ ᠳᠡᠯᠡᠬᠡᠢ ᠶᠢᠨ ᠠᠪᠤᠷᠭᠤ ᠶᠢᠨ ᠤᠷᠢᠳᠴᠢᠯᠠᠭᠰᠠᠨ ᠱᠠᠲᠤᠨ ᠤ ᠲᠡᠮᠡᠴᠡᠭᠡᠨ ᠦᠷᠭᠦᠯᠵᠢᠯᠡᠵᠦ ᠪᠠᠶᠢᠨ᠎ᠠ᠃ ᠮᠣᠩᠭᠣᠯ ᠤᠨ ᠦᠨᠳᠦᠰᠦᠨ ᠦ ᠰᠢᠭᠰᠢᠭᠡ ᠶᠢᠨ ᠬᠢᠨ ᠥᠴᠥᠭᠡᠳᠦᠷ  ︵2019.11.19︶ ᠲᠠᠯᠠᠪᠠᠢ ᠶᠢᠨ ᠡᠵᠡᠳ ᠲᠡᠢ ᠲᠣᠭᠯᠠᠵᠤ᠂ ᠬᠣᠵᠢᠭᠳᠠᠯ ᠬᠦᠯᠢᠶᠡᠯ᠎ᠡ᠃ ᠮᠣᠩᠭᠣᠯ ᠤᠨ ᠪᠠᠭ  ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠤ ᠤᠷᠢᠳᠴᠢᠯᠠᠭᠰᠠᠨ ᠱᠠᠲᠤᠨ ᠤ ᠠᠩᠬᠠᠨ ᠤ ᠬᠤᠵᠢᠯ ᠢᠶᠠᠨ ᠥᠩᠭᠡᠷᠡᠭᠴᠢ ᠶᠢᠰᠦᠳᠦᠭᠡᠷ ᠰᠠᠷ᠎ᠠ ᠶᠢᠨ 5 ᠍ ᠳᠦ ᠤᠯᠠᠭᠠᠨᠪᠠᠭᠠᠲᠤᠷ ᠬᠤᠲᠠ ᠳᠤ ᠠᠪᠴᠤ ᠪᠠᠶᠢᠪᠠ᠃  ᠪᠢᠷᠮᠠ ᠶᠢᠨ ᠪᠠᠭ ᠲᠠᠢ ᠬᠢᠭᠰᠡᠨ ᠤᠭ ᠲᠡᠮᠡᠴᠡᠭᠡᠨ ᠳᠦ ᠳᠦᠯᠭᠡᠨ ᠦ ᠤᠷᠤᠭᠤᠯᠤᠭᠰᠠᠨ ᠨᠢᠭᠡ  ᠭᠤᠤᠯᠢ ᠪᠠᠷ ᠬᠣᠵᠢᠵᠤ ᠪᠠᠶᠢᠭᠰᠠᠨ ᠪᠢᠯᠡ᠃ ᠲᠡᠭᠡᠪᠡᠯ ᠥᠴᠥᠭᠡᠳᠦᠷ  ᠪᠢᠷᠮᠠ ᠶᠢᠨ ᠲᠠᠯᠠᠪᠠᠢ ᠳᠤ ᠲᠣᠭᠯᠠᠵᠤ ᠂  ᠪᠢᠷᠮᠠ ᠶᠢᠨ ᠪᠠᠭ ᠲᠤ ᠬᠣᠵᠢᠭᠳᠠᠯ᠎ᠠ᠃ ᠢᠩᠭᠢᠭᠰᠡᠨ ᠢᠶᠡᠷ ᠮᠣᠩᠭᠣᠯ ᠤᠨ ᠬᠥᠯ  ᠪᠦᠮᠪᠦᠭᠡᠴᠢᠳ ᠲᠠᠪᠤᠨ ᠲᠣᠭᠯᠠᠯᠲᠠ ᠠᠴᠠ ᠨᠢᠭᠡ ᠬᠣᠵᠢᠯ ᠠᠪᠴᠤ᠂ ᠳᠥᠷᠪᠡᠨ ᠬᠣᠵᠢᠭᠳᠠᠯ ᠬᠦᠯᠢᠶᠡᠨ 3 ᠣᠨᠣᠭ᠎ᠠ ᠲᠠᠢ ᠬᠡᠰᠡᠭ ᠦᠨ ᠢᠶᠡᠨ ᠰᠡᠭᠦᠯ ᠦᠨ ᠪᠠᠶᠢᠷᠢ ᠳᠤ ᠪᠢᠴᠢᠭᠳᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ