ᠪᠢᠴᠢᠭᠲᠦ ᠪᠣᠭᠣᠮᠲᠠ ᠶᠢ ᠰᠢᠨᠡᠴᠢᠯᠡᠨ᠎ᠡ  | News.MN

 ᠪᠢᠴᠢᠭᠲᠦ ᠪᠣᠭᠣᠮᠲᠠ ᠶᠢ ᠰᠢᠨᠡᠴᠢᠯᠡᠨ᠎ᠡ 

ᠵᠠᠰᠠᠭ ᠤᠨ ᠭᠠᠵᠠᠷ ᠤᠨ 2019.11.19 ‍ᠣ ᠬᠤᠷᠠᠯᠳᠤᠭᠠᠨ ᠠᠴᠠ  ᠪᠢᠴᠢᠭᠲᠦ ᠬᠢᠯᠢ ᠶᠢᠨ ᠪᠣᠭᠣᠮᠲᠠ ᠶᠢ ᠰᠢᠨᠡᠳᠭᠡᠬᠦ ᠲᠤᠬᠠᠢ ᠰᠢᠢᠳᠪᠦᠷᠢ ᠭᠠᠷᠭᠠᠵᠤ᠂ ᠬᠣᠯᠪᠣᠭᠳᠠᠬᠤ ᠰᠠᠶᠢᠳ ᠳᠠᠷᠤᠭ᠎ᠠ ᠨᠠᠷ ᠲᠤ ᠳᠠᠷᠠᠭᠠᠬᠢ ᠳᠠᠭᠠᠭᠠᠯᠭᠠᠪᠤᠷᠢ ᠨᠤᠭᠤᠳ ᠢ ᠥᠭᠴᠡᠢ᠃
§ ᠰᠠᠶᠢᠨᠱᠠᠩᠳᠠ-ᠠᠯᠲᠠᠨᠰᠢᠷᠡᠭᠡ- ᠬᠦᠭᠡᠲᠦ ᠴᠢᠭᠯᠡᠯ ᠦᠨ ᠲᠡᠮᠦᠷ ᠵᠠᠮ ᠤᠨ ᠲᠷᠠᠰᠰ ᠢ ᠪᠠᠷᠠᠭᠤᠨ ᠤᠷᠲᠤ ᠬᠣᠲᠠ ᠪᠠᠷ ᠳᠠᠭᠠᠷᠢᠭᠤᠯᠬᠤ ᠠᠰᠠᠭᠤᠳᠠᠯ ᠢ ᠰᠤᠳᠤᠯᠵᠤ ᠰᠢᠢᠳᠪᠦᠷᠢᠯᠡᠬᠦ ︔
§ ᠰᠦᠬᠡᠪᠠᠭᠠᠲᠤᠷ ᠠᠶᠢᠮᠠᠭ ᠤᠨ ᠪᠢᠴᠢᠭᠲᠦ ᠬᠢᠯᠢ ᠶᠢᠨ ᠪᠣᠭᠣᠮᠲᠠ ᠶᠢᠨ ᠪᠠᠷᠢᠯᠭ᠎ᠠ ᠪᠠᠶᠢᠭᠤᠯᠤᠮᠵᠢ᠂ ᠲᠣᠨᠣᠭ ᠲᠥᠬᠥᠭᠡᠷᠦᠮᠵᠢ ᠶᠢ ᠠᠽᠢᠶ᠎ᠠ ᠶᠢᠨ ᠬᠥᠭᠵᠢᠯ ᠦᠨ ᠪᠠᠩᠬᠢᠨ ᠤ ᠬᠥᠩᠭᠡᠯᠡᠯᠲᠡ ᠲᠡᠢ ᠵᠡᠭᠡᠯᠢ ᠪᠡᠷ ᠰᠢᠨᠡᠳᠭᠡᠬᠦ︔
§ ᠳᠣᠲᠣᠭᠠᠳᠤ ᠶᠢᠨ ᠡᠬᠢ ᠡᠭᠦᠰᠪᠦᠷᠢ ᠶᠢᠨ ᠨᠥᠭᠡᠴᠡ ᠲᠡᠢ ᠪᠣᠯᠲᠠᠯ᠎ᠠ ᠪᠢᠴᠢᠭᠲᠦ ᠬᠢᠯᠢ ᠶᠢᠨ ᠪᠣᠭᠣᠮᠲᠠ ᠶᠢᠨ ᠴᠠᠬᠢᠯᠭᠠᠨ ᠬᠠᠩᠭᠠᠮᠵᠢ ᠶᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠠᠴᠠ ᠬᠠᠩᠭᠠᠬᠤ ᠲᠠᠯ᠎ᠠ ᠪᠠᠷ ᠰᠤᠳᠤᠯᠵᠤ ᠰᠢᠢᠳᠪᠦᠷᠢᠯᠡᠬᠦ︔
§ ᠦᠢᠯᠡᠳᠪᠦᠷᠢᠯᠡᠯ ᠦᠨ ᠪᠣᠯᠤᠨ ᠥᠷᠥᠮᠳᠡᠯᠭᠡ ᠡᠴᠡ ᠡᠭᠦᠰᠴᠦ ᠪᠠᠶᠢᠭ᠎ᠠ ᠭᠠᠵᠠᠷ ᠤᠨ ᠲᠣᠰᠤᠨ ᠤ ᠪᠦᠲᠦᠭᠡᠭᠳᠡᠬᠦᠨ᠂ ᠬᠢᠮᠢ ᠶᠢᠨ ᠪᠣᠳᠠᠰ ᠠᠭᠤᠯᠤᠭᠰᠠᠨ ᠰᠢᠩᠭᠡᠨ ᠬᠠᠶᠠᠭᠳᠠᠯ ᠢ ᠳᠠᠪᠲᠠᠨ ᠪᠣᠯᠪᠠᠰᠤᠷᠠᠭᠤᠯᠵᠤ᠂ ᠪᠠᠶᠢᠭᠠᠯᠢ ᠤᠷᠴᠢᠨ ᠳᠤ ᠡᠭᠡᠯᠢᠲᠡᠢ ᠠᠷᠭ᠎ᠠ᠂ ᠠᠷᠭᠠᠴᠢᠯᠠᠯ ᠢᠶᠠᠷ ᠤᠰᠠᠳᠬᠠᠬᠤ᠂ ᠰᠠᠭᠠᠷᠮᠠᠭᠵᠢᠭᠤᠯᠬᠤ︔
§ ᠬᠤᠭᠤᠴᠠᠭ᠎ᠠ ᠳᠠᠭᠤᠰᠤᠭᠰᠠᠨ᠂ ᠠᠰᠢᠭᠯᠠᠯᠲᠠ ᠶᠢᠨ ᠱᠠᠭᠠᠷᠳᠠᠯᠭ᠎ᠠ ᠬᠠᠩᠭᠠᠬᠤ ᠦᠭᠡᠢ ᠪᠣᠯᠤᠭᠰᠠᠨ ᠬᠢᠮᠢ ᠶᠢᠨ ᠪᠣᠳᠠᠰ ᠢ ᠤᠰᠠᠳᠬᠠᠬᠤ ︔
§ ᠴᠣᠶᠢᠪᠠᠯᠰᠠᠩ ᠤᠨ ᠳᠤᠯᠠᠭᠠᠨ ᠤ ᠴᠠᠬᠢᠯᠭᠠᠨ ᠰᠲ᠋ᠠᠨᠼ ᠤᠨ ᠬᠦᠴᠦᠨ ᠴᠢᠳᠠᠯ ᠢ 50 ᠮᠸᠭᠢᠸᠠᠲ ᠢᠶᠠᠷ ᠦᠷᠭᠡᠳᠭᠡᠬᠦ ᠠᠵᠢᠯ ᠢ ᠬᠤᠭᠤᠴᠠᠭᠠᠨ ᠳᠤ ᠨᠢ ᠴᠢᠨᠠᠷᠲᠠᠢ ᠬᠢᠯᠭᠡᠨ ᠠᠰᠢᠭᠯᠠᠯᠲᠠ ᠳᠤ ᠣᠷᠣᠭᠤᠯᠬᠤ ᠶᠢ ᠬᠣᠯᠪᠣᠭᠳᠠᠬᠤ ᠰᠠᠶᠢᠳ ᠳᠠᠷᠤᠭ᠎ᠠ ᠨᠠᠷ ᠲᠤ ᠳᠠᠭᠠᠭᠠᠯᠭᠠᠪᠠ᠃ ᠮᠥᠨ ᠪᠢᠴᠢᠭᠲᠦ ᠬᠢᠯᠢ ᠶᠢᠨ ᠪᠣᠭᠣᠮᠲᠠ ᠶᠢᠨ ᠭᠠᠵᠠᠷ ᠡᠵᠡᠮᠰᠢᠯ᠂ ᠬᠢᠯᠢ ᠶᠢᠨ ᠪᠣᠭᠣᠮᠲᠠ ᠪᠠᠶᠢᠷᠢᠯᠠᠵᠤ ᠪᠠᠶᠢᠭ᠎ᠠ ᠨᠤᠲᠤᠭ ᠳᠡᠪᠢᠰᠬᠡᠷ ᠲᠦ ᠵᠠᠰᠠᠭ᠂ ᠵᠠᠬᠢᠷᠭᠠᠨ ᠤ ᠨᠢᠭᠡᠴᠡ ︵ᠪᠠᠭ︶ ᠪᠠᠶᠢᠭᠤᠯᠬᠤ ᠶᠢ ᠰᠤᠳᠤᠯᠵᠤ ᠰᠢᠢᠳᠪᠦᠷᠢᠯᠡᠬᠦ ᠶᠢ ᠰᠦᠬᠡᠪᠠᠭᠠᠲᠤᠷ ᠠᠶᠢᠮᠠᠭ ᠤᠨ ᠵᠠᠰᠠᠭ ᠳᠠᠷᠤᠭ᠎ᠠ ᠵ∙ᠡᠷᠳᠡᠨᠢᠪᠠᠭᠠᠲᠤᠷ ᠲᠤ ᠳᠠᠭᠠᠭᠠᠯᠭᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ