ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠥᠷᠥᠩᠭᠡ ᠣᠷᠣᠭᠤᠯᠤᠯᠲᠠ ᠲᠠᠢ ᠺᠣᠮᠫᠠᠨᠢ ᠠᠵᠢᠯᠴᠢᠳ ᠤᠨ ᠴᠠᠯᠢᠩ ᠬᠥᠯᠥᠰᠥ ᠶᠢ ᠲᠣᠭᠲᠠᠭᠠᠭᠰᠠᠨ ᠬᠤᠭᠤᠴᠠᠭᠠᠨ ᠳᠤ ᠣᠯᠭᠤᠳᠠᠭ ᠦᠭᠡᠢ᠂ ᠠᠵᠢᠯᠴᠢᠳ ᠤᠨ ᠴᠠᠯᠢᠩ ᠠᠴᠠ ᠬᠠᠤᠯᠢ ᠪᠤᠰᠤ ᠰᠠᠭᠤᠳᠬᠠᠯ ︵ᠲᠣᠷᠭᠠᠭᠤᠯᠢ︶ ᠠᠪᠴᠤ ᠪᠠᠶᠢᠭ᠎ᠠ ᠶᠢ ᠰᠢᠯᠭᠠᠭᠤᠯᠬᠤ ᠪᠠᠷ ᠢᠷᠭᠡᠨ ᠡᠴᠡ ᠨᠡᠶᠢᠰᠯᠡᠯ ᠦᠨ ᠮᠡᠷᠭᠡᠵᠢᠯ ᠦᠨ ᠬᠢᠨᠠᠯᠲᠠ ᠶᠢᠨ ᠭᠠᠵᠠᠷ ᠲᠤ ᠮᠡᠳᠡᠭᠡᠯᠡᠯ ᠢᠷᠡᠵᠡᠢ᠃ ᠡᠨᠡ ᠳᠠᠭᠠᠤ ᠰᠣᠩᠭᠢᠨ᠎ᠠ ᠬᠠᠶᠢᠷᠬᠠᠨ ᠳᠡᠭᠦᠷᠭᠡ ᠶᠢᠨ 32 ᠳ᠋ᠤᠭᠠᠷ ᠬᠣᠷᠢᠶᠠᠨ ᠳᠤ ᠪᠠᠶᠢᠷᠢᠯᠠᠯ ᠲᠠᠢ ᠺᠣᠮᠫᠠᠨᠢ ᠶᠢᠨ ᠦᠢᠯᠡ ᠠᠵᠢᠯᠯᠠᠭᠠᠨ ᠳᠤ ᠬᠥᠳᠡᠯᠮᠦᠷᠢ ᠶᠢᠨ ᠬᠢᠨᠠᠯᠲᠠ ᠶᠢᠨ ᠤᠯᠤᠰ ᠤᠨ ᠠᠬᠠᠯᠠᠬᠤ ᠪᠠᠶᠢᠴᠠᠭᠠᠭᠴᠢ ᠬᠢᠨᠠᠯᠲᠠ ᠰᠢᠯᠭᠠᠯᠲᠠ ᠬᠢᠭᠰᠡᠨ ᠪᠠᠶᠢᠨ᠎ᠠ᠃
ᠰᠢᠯᠭᠠᠯᠲᠠ ᠪᠠᠷ ᠲᠤᠰ ᠺᠣᠮᠫᠠᠨᠢ ᠶᠢᠨ ᠬᠢᠲᠠᠳ ᠵᠠᠬᠢᠷᠤᠯ᠂ ᠤᠳᠤᠷᠢᠳᠤᠯᠭ᠎ᠠ ᠨᠠᠷ ᠮᠣᠩᠭᠣᠯ ᠠᠵᠢᠯᠴᠢᠳ ᠤᠨ ᠴᠠᠯᠢᠩ ᠬᠥᠯᠥᠰᠥ ᠶᠢ ᠲᠣᠭᠲᠠᠭᠠᠭᠰᠠᠨ ᠬᠤᠭᠤᠴᠠᠭᠠᠨ ᠳᠤ ᠨᠢ ᠣᠯᠭᠤᠳᠠᠭ ᠦᠭᠡᠢ᠂ ᠲᠤᠰ ᠺᠣᠮᠫᠠᠨᠢ ᠠᠴᠠ ᠠᠭᠤᠯᠠ ᠠᠭᠤᠷᠬᠠᠢ ᠶᠢᠨ ᠮᠠᠰᠢᠨ ᠮᠧᠬᠠᠨᠢᠰᠮ ᠬᠤᠳᠠᠯᠳᠤᠨ ᠠᠪᠤᠭᠰᠠᠨ ᠺᠣᠮᠫᠠᠨᠢ ᠨᠤᠭᠤᠳ ᠤᠨ ᠵᠢᠭᠡᠯᠡ ᠶᠢᠨ ᠲᠥᠯᠦᠯᠲᠡ ᠬᠤᠭᠤᠴᠠᠭᠠᠨ ᠳᠤ ᠪᠠᠨ ᠬᠢᠭᠳᠡᠬᠦ ᠦᠭᠡᠢ ᠲᠣᠬᠢᠶᠠᠯᠳᠤᠯ ᠳᠤ ᠪᠣᠷᠣᠯᠠᠭᠤᠯᠤᠭᠴᠢ ᠨᠠᠷ ᠤᠨ ᠴᠠᠯᠢᠩ ᠠᠴᠠ ᠶᠤᠸᠠᠨ ᠢᠶᠠᠷ ᠲᠣᠷᠭᠠᠭᠤᠯᠢ ᠨᠣᠭᠳᠠᠭᠤᠯᠵᠤ ᠪᠠᠶᠢᠭ᠎ᠠ ᠵᠥᠷᠢᠴᠡᠯ ᠢ ᠢᠯᠡᠷᠡᠭᠦᠯᠵᠡᠢ᠃
ᠲᠤᠰ ᠺᠣᠮᠫᠠᠨᠢ ᠳᠤ ᠵᠥᠷᠢᠴᠡᠯ ᠦᠨ ᠬᠡᠷᠡᠭ ᠨᠡᠭᠡᠭᠡᠵᠦ ᠰᠢᠯᠭᠠᠨ ︽ᠵᠦᠷᠢᠴᠡᠯ ᠦᠨ ᠲᠤᠬᠠᠢ︾ ᠬᠠᠤᠯᠢ ᠶᠢᠨ ᠍ ᠬᠣᠯᠪᠣᠭᠳᠠᠬᠤ ᠵᠢᠭᠠᠯᠲᠠ ᠶᠢᠨ ᠳᠠᠭᠠᠤ ᠲᠣᠷᠭᠠᠭᠤᠯᠢ ᠨᠣᠭᠳᠠᠭᠤᠯᠵᠤ᠂ ᠠᠵᠢᠯᠴᠢᠳ ᠤᠨ ᠴᠠᠯᠢᠩ ᠠᠴᠠ ᠬᠠᠤᠯᠢ ᠪᠤᠰᠤ ᠪᠠᠷ ᠰᠠᠭᠤᠳᠬᠠᠭᠰᠠᠨ 9899 ᠶᠤᠸᠠᠨ ᠪᠤᠶᠤ 3954753 ᠲᠥᠭᠥᠷᠢᠭ ᠢ ᠠᠵᠢᠯᠴᠢᠳ ᠲᠤ ᠪᠤᠴᠠᠭᠠᠨ ᠣᠯᠭᠣᠭᠤᠯᠤᠭᠰᠠᠨ ᠪᠠᠶᠢᠨ᠎ᠠ᠃ ᠮᠥᠨ ᠲᠤᠰ ᠺᠣᠮᠫᠠᠨᠢ ᠶᠢᠨ ᠵᠠᠬᠢᠷᠤᠯ ᠤᠳᠤᠷᠢᠳᠤᠯᠭ᠎ᠠ ᠨᠠᠷ ᠲᠤ ᠮᠣᠩᠭᠣᠯ ᠤᠯᠤᠰ ᠤᠨ ᠨᠤᠲᠤᠭ ᠳᠡᠪᠢᠰᠬᠡᠷ ᠲᠦ ᠦᠢᠯᠡ ᠠᠵᠢᠯᠯᠠᠭ᠎ᠠ ᠪᠠᠨ ᠶᠠᠪᠤᠭᠤᠯᠵᠤ ᠪᠠᠶᠢᠭ᠎ᠠ ᠲᠤᠯᠠ ᠮᠣᠩᠭᠣᠯ ᠤᠯᠤᠰ ᠤᠨ ᠬᠤᠯᠪᠤᠭᠳᠠᠬᠤ ᠬᠠᠤᠯᠢ ᠲᠣᠭᠲᠠᠭᠠᠮᠵᠢ ᠶᠢ ᠬᠡᠷᠡᠭᠵᠢᠭᠦᠯᠵᠦ ᠠᠵᠢᠯᠯᠠᠬᠤ ᠲᠠᠯ᠎ᠠ ᠪᠠᠷ ᠠᠯᠪᠠᠨ ᠳᠠᠭᠠᠭᠠᠯᠭᠠᠪᠤᠷᠢ ᠥᠭᠴᠦ ᠭᠦᠢᠴᠡᠳᠬᠡᠯ ᠳᠦ ᠨᠢ ᠬᠢᠨᠠᠯᠲᠠ ᠲᠠᠯᠪᠢᠵᠤ ᠪᠠᠶᠢᠭ᠎ᠠ ᠠᠵᠠᠢ ᠃