ᠨᠣᠭᠣᠭᠠᠨ ᠬᠥᠭᠵᠢᠯ ᠦᠨ ᠪᠠᠶᠢᠭᠤᠯᠤᠯᠭ᠎ᠠ ᠶᠢᠨ ᠵᠠᠬᠢᠷᠤᠯ ᠢ ᠬᠦᠯᠢᠶᠡᠨ ᠠᠪᠴᠤ ᠠᠭᠤᠯᠵᠠᠯ᠎ᠠ  | News.MN

ᠨᠣᠭᠣᠭᠠᠨ ᠬᠥᠭᠵᠢᠯ ᠦᠨ ᠪᠠᠶᠢᠭᠤᠯᠤᠯᠭ᠎ᠠ ᠶᠢᠨ ᠵᠠᠬᠢᠷᠤᠯ ᠢ ᠬᠦᠯᠢᠶᠡᠨ ᠠᠪᠴᠤ ᠠᠭᠤᠯᠵᠠᠯ᠎ᠠ 

ᠭᠠᠳᠠᠭᠠᠳᠤ ᠬᠠᠷᠢᠯᠴᠠᠭᠠᠨ ᠤ ᠶᠠᠮᠤᠨ ᠤ ᠰᠠᠶᠢᠳ ᠳ∙ᠴᠣᠭᠲᠤᠪᠠᠭᠠᠲᠤᠷ 2019 ᠣᠨ ᠤ 11 ᠍ ᠳᠦᠭᠡᠷ ᠰᠠᠷ᠎ᠠ ᠶᠢᠨ 20 ᠍ ᠤ ᠡᠳᠦᠷ ᠳᠠᠶᠠᠩ ᠳᠡᠯᠡᠬᠡᠢ ᠶᠢᠨ ᠨᠣᠭᠣᠭᠠᠨ ᠬᠥᠭᠵᠢᠯ ᠦᠨ ᠪᠠᠶᠢᠭᠤᠯᠤᠯᠭ᠎ᠠ ︵GGGI︶ ᠶᠢᠨ ᠶᠡᠷᠦᠩᠬᠡᠢ ᠵᠠᠬᠢᠷᠤᠯ ᠹᠷᠠᠩᠺ ᠷᠠᠶᠢᠰᠪᠧᠷᠮᠠᠨ ᠢ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠪᠠᠷ ᠳᠠᠶᠠᠩ ᠳᠡᠯᠡᠬᠡᠢ ᠶᠢᠨ ᠨᠣᠭᠣᠭᠠᠨ ᠬᠥᠭᠵᠢᠯ ᠦᠨ ᠪᠠᠶᠢᠭᠤᠯᠤᠯᠭ᠎ᠠ ᠶᠢᠨ ᠮᠣᠩᠭᠣᠯ ᠤᠯᠤᠰ ᠲᠠᠢ ᠬᠠᠮᠲᠤᠷᠠᠨ ᠬᠡᠷᠡᠭᠵᠢᠭᠦᠯᠵᠦ ᠪᠠᠶᠢᠭ᠎ᠠ ᠬᠥᠲᠥᠯᠪᠦᠷᠢ ᠶᠢᠨ ᠴᠠᠷ᠎ᠠ ᠬᠦᠷ᠎ᠡ ᠶᠢ ᠦᠷᠭᠡᠳᠭᠡᠬᠦ᠂ ᠲᠤᠰ ᠪᠠᠶᠢᠭᠤᠯᠤᠯᠭ᠎ᠠ ᠠᠴᠠ ᠪᠠᠲᠤᠯᠠᠭᠰᠠᠨ 2015-2020 ᠣᠨ ᠤ ᠦᠢᠯᠡ ᠠᠵᠢᠯᠯᠠᠭᠠᠨ ᠤ ᠴᠢᠭᠯᠡᠯ ᠳᠦ ᠬᠡᠷᠡᠭᠵᠢᠭᠦᠯᠵᠦ ᠪᠠᠶᠢᠭ᠎ᠠ ᠵᠠᠷᠢᠮ ᠲᠥᠰᠥᠯ ᠦᠨ ᠲᠠᠯ᠎ᠠ ᠪᠠᠷ ᠶᠠᠷᠢᠯᠴᠠᠪᠠ ᠃ ︽ᠨᠣᠭᠣᠭᠠᠨ ᠡᠺᠣ︾ ᠠᠮᠢᠳᠤᠷᠠᠯ ᠤᠨ ᠬᠡᠪ ᠮᠠᠶ᠋ᠢᠭ ᠬᠡᠪᠰᠢᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ᠂ ᠲᠡᠭᠦᠨ ᠦ ᠨᠥᠯᠥᠭᠡ ᠶᠢ ᠪᠠᠭᠤᠷᠠᠭᠤᠯᠬᠤ᠂ ᠠᠭᠠᠷ ᠤᠨ ᠪᠤᠬᠢᠷᠳᠤᠯ ᠲᠡᠭᠦᠨ ᠡᠴᠡ ᠢᠷᠭᠡᠳ ᠥᠪᠡᠷᠰᠡᠳ ᠢ ᠪᠡᠨ ᠬᠠᠮᠠᠭᠠᠯᠠᠬᠤ᠂ ᠤᠰᠤ᠂ ᠡᠷᠴᠢᠮ ᠬᠦᠴᠦ ᠪᠡᠨ ᠬᠡᠷᠬᠢᠨ ᠬᠡᠮᠨᠡᠬᠦ᠂ ᠪᠠᠶᠢᠭᠠᠯᠢ ᠳᠡᠯᠡᠬᠡᠢ ᠪᠡᠨ ᠬᠠᠮᠠᠭᠠᠯᠠᠬᠤ ᠵᠡᠷᠭᠡ ᠡᠩ ᠦᠨ ᠣᠶᠢᠯᠠᠭᠠᠯᠲᠠ ᠶᠢ ᠣᠯᠠᠨ ᠨᠡᠶᠢᠲᠡ ᠳᠦ ᠲᠦᠭᠡᠭᠡᠨ ᠰᠤᠷᠲᠠᠯᠴᠢᠯᠠᠬᠤ᠂ ᠨᠣᠭᠣᠭᠠᠨ ᠡᠳ᠋ ᠦᠨ ᠵᠠᠰᠠᠭ ᠢ ᠬᠡᠷᠬᠢᠨ ᠳᠡᠮᠵᠢᠬᠦ ᠠᠰᠠᠭᠤᠳᠠᠯ ᠢᠶᠠᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ