ᠮᠣᠩᠭᠣᠯ᠂ ᠢᠨᠳᠤᠨᠢᠰᠢᠶ᠎ᠠ ᠶᠢᠨ ᠪᠢᠽᠢᠨᠧᠰ ᠠᠭᠤᠯᠵᠠᠯᠲᠠ ᠪᠣᠯᠤᠨ᠎ᠠ  | News.MN

ᠮᠣᠩᠭᠣᠯ᠂ ᠢᠨᠳᠤᠨᠢᠰᠢᠶ᠎ᠠ ᠶᠢᠨ ᠪᠢᠽᠢᠨᠧᠰ ᠠᠭᠤᠯᠵᠠᠯᠲᠠ ᠪᠣᠯᠤᠨ᠎ᠠ 

ᠮᠣᠩᠭᠣᠯ ᠂ ᠢᠨᠳᠤᠨᠢᠰᠢᠶ᠎ᠠ ᠶᠢᠨ ᠪᠢᠽᠢᠨᠧᠰ ᠡᠷᠬᠢᠯᠡᠭᠴᠢᠳ ᠠᠭᠤᠯᠠ ᠠᠭᠤᠷᠬᠠᠢ᠂ ᠡᠷᠴᠢᠮ ᠬᠦᠴᠦ᠂ ᠠᠶᠠᠯᠠᠯ ᠵᠢᠭᠤᠯᠴᠢᠯᠠᠯ᠂ ᠭᠠᠳᠠᠭᠠᠳᠤ ᠬᠤᠳᠠᠯᠳᠤᠭᠠᠨ ᠤ ᠴᠢᠭᠯᠡᠯ ᠢᠶᠡᠷ ᠬᠠᠮᠲᠤᠷᠠᠨ ᠠᠵᠢᠯᠯᠠᠬᠤ ᠪᠣᠯᠤᠮᠵᠢ ᠲᠠᠢ᠃ ᠡᠨᠡ ᠲᠠᠯ᠎ᠠ ᠪᠠᠷ ᠡᠨᠡ 11 ᠳᠦᠭᠡᠷ ᠰᠠᠷ᠎ᠠ ᠶᠢᠨ 25 ᠳᠦ ᠱᠠᠩᠷᠢᠯᠠ ᠵᠣᠴᠢᠳ ᠪᠠᠭᠤᠳᠠᠯ ᠳᠤ ᠪᠣᠯᠬᠤ ᠮᠣᠩᠭᠣᠯ᠂ ᠢᠨᠳᠤᠨᠢᠰᠢᠶ᠎ᠠ ᠶᠢᠨ ᠪᠢᠽᠢᠨᠧᠰ ᠡᠷᠬᠢᠯᠡᠭᠴᠢᠳ ᠦᠨ ᠠᠭᠤᠯᠵᠠᠯᠲᠠ ᠪᠠᠷ ᠶᠠᠷᠢᠯᠴᠠᠬᠤ ᠶᠤᠮ᠃ ᠠᠭᠤᠯᠵᠠᠯᠲᠠ ᠳᠤ ᠣᠷᠣᠯᠴᠠᠬᠤ ᠪᠠᠷ ᠢᠨᠳᠤᠨᠢᠰᠢᠶ᠎ᠠ ᠶᠢᠨ ᠬᠦᠳᠡᠭᠡ ᠠᠵᠤ ᠠᠬᠤᠢ᠂ ᠬᠦᠨᠡᠰᠦ᠂ ᠡᠮ᠂ ᠡᠮ ᠦᠨ ᠪᠦᠲᠦᠭᠡᠭᠳᠡᠬᠦᠨ᠂ ᠣᠶᠣᠮᠠᠯ᠂ ᠰᠦᠯᠵᠢᠮᠡᠯ ᠪᠦᠲᠦᠭᠡᠭᠳᠡᠬᠦᠨ ᠦ ᠺᠣᠮᠫᠠᠨᠢ ᠨᠤᠭᠤᠳ ᠤᠨ ᠤᠳᠤᠷᠢᠳᠤᠯᠭ᠎ᠠ ᠨᠠᠷ ᠢᠷᠡᠵᠦ ᠪᠤᠢ ᠶᠤᠮ᠃
ᠠᠭᠤᠯᠵᠠᠯᠲᠠ ᠨᠢ ᠬᠣᠶᠠᠷ ᠣᠷᠣᠨ ᠤ ᠪᠢᠽᠢᠨᠧᠰ ᠡᠷᠬᠢᠯᠡᠭᠴᠢᠳ ᠦᠨ ᠬᠣᠭᠣᠷᠣᠨᠳᠣ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠵᠦ᠂ ᠡᠳ᠋ ᠦᠨ ᠵᠠᠰᠠᠭ᠂ ᠪᠢᠽᠢᠨᠧᠰ ᠦᠨ ᠪᠣᠯᠤᠮᠵᠢ ᠨᠤᠭᠤᠳ ᠢ ᠨᠡᠭᠡᠭᠡᠬᠦ ᠵᠤᠷᠢᠯᠭ᠎ᠠ ᠲᠠᠢ ᠶᠢ ᠵᠣᠬᠢᠶᠠᠨ ᠪᠠᠶᠢᠭᠤᠯᠤᠭᠴᠢᠳ ᠬᠡᠯᠡᠵᠦ ᠪᠠᠶᠢᠨ᠎ᠠ᠃ ᠠᠭᠤᠯᠵᠠᠯᠲᠠ ᠶᠢ ᠪᠦᠭᠦᠳᠡ ᠨᠠᠶᠢᠷᠠᠮᠳᠠᠬᠤ ᠢᠨᠳᠤᠨᠢᠰᠢᠶ᠎ᠠ ᠤᠯᠤᠰ ᠤᠨ ᠪᠡᠭᠡᠵᠢᠩ ᠳ᠋ᠡᠬᠢ ᠡᠯᠴᠢᠨ ᠰᠠᠶᠢᠳ ᠤᠨ ᠶᠠᠮᠤᠨ ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠬᠠᠮᠲᠤᠷᠠᠨ ᠵᠣᠬᠢᠶᠠᠨ ᠪᠠᠶᠢᠭᠤᠯᠬᠤ ᠶᠤᠮ᠃

ᠰᠡᠳᠬᠢᠭᠳᠡᠯ ᠦᠯᠡᠳᠡᠭᠡᠬᠦ