︽ᠤᠯᠤᠰ ᠤᠨ ᠶᠡᠬᠡ ᠳᠡᠯᠭᠡᠭᠦᠷ︾᠍ ᠢ ᠰᠢᠭᠦᠬᠦ ᠳᠦ ᠥᠭᠴᠡᠢ  | News.MN

 ︽ᠤᠯᠤᠰ ᠤᠨ ᠶᠡᠬᠡ ᠳᠡᠯᠭᠡᠭᠦᠷ︾᠍ ᠢ ᠰᠢᠭᠦᠬᠦ ᠳᠦ ᠥᠭᠴᠡᠢ 

ᠰᠠᠩᠬᠦᠦ ᠶᠢᠨ ᠵᠣᠬᠢᠴᠠᠭᠤᠯᠬᠤ ᠬᠣᠷᠢᠶᠠᠨ ᠠᠴᠠ ︽ᠤᠯᠤᠰ ᠤᠨ ᠶᠡᠬᠡ ᠳᠡᠯᠭᠡᠭᠦᠷ︾ ᠺᠤᠮᠫᠠᠨᠢ ᠲᠠᠢ ᠬᠣᠯᠪᠣᠭ᠎ᠠ ᠲᠠᠢ ᠨᠡᠬᠡᠮᠵᠢᠯᠡᠯ ᠢ 2019 ᠣᠨ ᠤ ᠠᠷᠪᠠᠨ ᠨᠢᠭᠡᠳᠦᠭᠡᠷ ᠰᠠᠷ᠎ᠠ ᠶᠢᠨ 1 ᠦ ᠡᠳᠦᠷ ᠬᠠᠨ-ᠠᠭᠤᠯᠠ ᠳᠡᠭᠦᠷᠭᠡ ᠶᠢᠨ ᠢᠷᠭᠡᠨ ᠦ ᠬᠡᠷᠡᠭ ᠦᠨ ᠠᠩᠬᠠᠨ ᠱᠠᠲᠤᠨ ᠤ ᠰᠢᠭᠦᠬᠦ ᠳᠦ ᠭᠠᠷᠭᠠᠵᠠᠢ᠃ ᠨᠡᠬᠡᠮᠵᠢᠯᠡᠯ ᠭᠠᠷᠭᠠᠬᠤ ᠪᠣᠯᠤᠭᠰᠠᠨ ᠦᠨᠳᠦᠰᠦᠯᠡᠯ ᠢ ᠨᠢ ᠲᠣᠳᠣᠷᠠᠭᠤᠯᠪᠠᠯ᠄
– ︽ᠤᠯᠤᠰ ᠤᠨ ᠶᠡᠬᠡ ᠳᠡᠯᠭᠡᠭᠦᠷ︾ ᠺᠤᠮᠫᠠᠨᠢ ᠶᠢᠨ 45000 ᠣᠷᠴᠢᠮ ᠵᠢᠵᠢᠭ ᠬᠤᠪᠢᠴᠠᠭ᠎ᠠ ᠡᠵᠡᠮᠰᠢᠭᠴᠢᠳ ᠦᠨ ᠡᠷᠬᠡ ᠠᠰᠢᠭ ᠢ ᠬᠠᠮᠠᠭᠠᠯᠠᠬᠤ ᠵᠣᠷᠢᠯᠭ᠎ᠠ ᠪᠠᠷ ᠲᠤᠰ ᠺᠣᠮᠫᠠᠨᠢ ᠶᠢᠨ ᠡᠷᠬᠡ ᠪᠦᠬᠦᠢ ᠠᠯᠪᠠᠨ  ᠲᠤᠰᠢᠶᠠᠯᠲᠠᠳ ᠤᠨ ︽ᠤᠯᠤᠰ ᠤᠨ ᠶᠡᠬᠡ ᠳᠡᠯᠭᠡᠭᠦᠷ︾ ᠺᠤᠮᠫᠠᠨᠢ ᠶᠢᠨ ᠪᠠᠷᠢᠯᠭ᠎ᠠ ᠶᠢ ᠭᠠᠳᠠᠨᠠᠬᠢ ᠲᠠᠯᠠᠪᠠᠢ ᠶᠢᠨ ᠬᠠᠮᠲᠤ ᠪᠦᠬᠦᠯᠢ ᠳᠦ ᠨᠢ ︽ᠨᠣᠮᠢᠨ ᠷᠸᠶᠠᠯᠲ᠋ᠤᠷ︾ ᠺᠤᠮᠫᠠᠨᠢ ᠳᠦ ᠲᠦᠷᠢᠶᠡᠰᠦᠯᠡᠭᠰᠡᠨ ᠦᠯᠦ ᠬᠥᠳᠡᠯᠬᠦ ᠬᠥᠷᠥᠩᠭᠡ ᠶᠢᠨ ᠲᠦᠷᠢᠶᠡᠰᠦ ᠶᠢᠨ ᠭᠡᠷ᠎ᠡ ᠨᠦᠭᠦᠳ ᠢ ᠬᠦᠴᠦᠨ ᠲᠡᠭᠦᠯᠳᠡᠷ ᠪᠤᠰᠤ ᠬᠡᠯᠡᠴᠡᠯ ᠳᠦ ᠲᠣᠭᠠᠴᠠᠭᠤᠯᠵᠤ᠂ ᠺᠣᠮᠫᠠᠨᠢ ᠳᠤ ᠤᠴᠠᠷᠠᠭᠤᠯᠤᠭᠰᠠᠨ 4.4 ᠲᠡᠷᠪᠤᠮ ᠲᠥᠭᠥᠷᠢᠭ ᠦᠨ ᠬᠣᠬᠢᠷᠠᠯ ᠢ ᠪᠠᠷᠠᠭᠳᠠᠭᠤᠯᠬᠤ︔
– ᠮᠥᠨ ᠲᠥᠯᠥᠪᠦᠷᠢ ᠲᠣᠭᠠᠴᠠᠭ᠎ᠠ ᠶᠢ ᠦᠨᠳᠦᠰᠦᠨ ᠦ ᠮᠥᠩᠭᠥᠨ ᠲᠡᠮᠳᠡᠭᠲᠦ ᠪᠡᠷ ᠭᠦᠢᠴᠡᠳᠭᠡᠬᠦ ᠲᠤᠬᠠᠢ ᠬᠠᠤᠯᠢ ᠶᠢ ᠬᠡᠷᠡᠭᠵᠢᠭᠦᠯᠦᠭᠡ ᠦᠭᠡᠢ ᠶᠢᠨ ᠤᠯᠠᠮ ᠠᠴᠠ 2017 ᠣᠨ ᠤ ᠳᠥᠷᠪᠡᠳᠦᠭᠡᠷ ᠰᠠᠷ᠎ᠠ ᠠᠴᠠ 2018 ᠣᠨ ᠤ ᠠᠷᠪᠠᠨ ᠬᠣᠶᠠᠳᠤᠭᠠᠷ ᠰᠠᠷ᠎ᠠ ᠶᠢ ᠳᠠᠭᠤᠰᠲᠠᠯ᠎ᠠ ᠺᠣᠮᠫᠠᠨᠢ ᠳᠤ ᠤᠴᠠᠷᠠᠭᠤᠯᠤᠭᠰᠠᠨ 428.6 ᠰᠠᠶ᠎ᠠ ᠲᠥᠭᠥᠷᠢᠭ ᠦᠨ ᠬᠣᠬᠢᠷᠠᠯ ᠢ ᠺᠣᠮᠫᠠᠨᠢ ᠶᠢᠨ ᠡᠷᠬᠡ ᠪᠦᠬᠦᠢ ᠠᠯᠪᠠᠨ ᠲᠤᠰᠢᠶᠠᠯᠲᠠᠳ ᠢᠶᠠᠷ ᠭᠠᠷᠭᠠᠭᠤᠯᠬᠤ ᠪᠠᠷ ᠨᠡᠬᠡᠮᠵᠢᠯᠡᠯ ᠭᠠᠷᠭᠠᠵᠠᠢ᠃

ᠰᠡᠳᠬᠢᠭᠳᠡᠯ ᠦᠯᠡᠳᠡᠭᠡᠬᠦ