ᠤᠯᠤᠰ ᠤᠨ ᠶᠡᠬᠡ ᠬᠤᠷᠠᠯ ᠤᠨ ᠳᠠᠷᠤᠭ᠎ᠠ ᠭ᠂ ᠽᠠᠨᠳᠠᠨᠰᠢᠲᠠᠷ᠎ᠠ ᠶᠢᠨ ᠮᠡᠨᠳᠦᠴᠢᠯᠡᠭᠡᠨ  | News.MN

ᠤᠯᠤᠰ ᠤᠨ ᠶᠡᠬᠡ ᠬᠤᠷᠠᠯ ᠤᠨ ᠳᠠᠷᠤᠭ᠎ᠠ ᠭ᠂ ᠽᠠᠨᠳᠠᠨᠰᠢᠲᠠᠷ᠎ᠠ ᠶᠢᠨ ᠮᠡᠨᠳᠦᠴᠢᠯᠡᠭᠡᠨ 

ᠪᠦᠷᠢᠨ ᠡᠷᠬᠡᠲᠦ᠂ ᠲᠤᠰᠠᠭᠠᠷ ᠮᠣᠩᠭᠣᠯ ᠤᠯᠤᠰ ᠤᠨ ᠢᠷᠭᠡᠳ ᠡ᠂
ᠲᠠ ᠪᠦᠬᠦᠨ ᠳᠦ ᠪᠡᠨ ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠶᠢᠷᠠᠮᠳᠠᠬᠤ ᠤᠯᠤᠰ ᠢᠶᠠᠨ ᠲᠤᠩᠬᠠᠭᠯᠠᠨ ᠵᠠᠷᠯᠠᠭᠰᠠᠨ ᠤ 95 ᠵᠢᠯ ᠦᠨ ᠣᠢ ᠶᠢᠨ ᠪᠠᠶᠠᠷ ᠤᠨ ᠮᠡᠨᠳᠦᠴᠢᠯᠡᠭᠡᠨ  ᠢ ᠡᠷᠭᠦᠨ ᠳᠡᠪᠰᠢᠭᠦᠯᠦᠶ᠎ᠡ᠃ ᠡᠳᠦᠭᠡ ᠡᠴᠡ 95 ᠵᠢᠯ ᠦᠨ ᠲᠡᠷᠲᠡᠭᠡ ᠮᠣᠩᠭᠣᠯ ᠨᠤᠲᠤᠭ ᠤᠨ ᠥᠨᠴᠥᠭ ᠪᠤᠯᠤᠩ ᠪᠦᠷᠢ ᠡᠴᠡ ᠠᠶᠢᠮᠠᠭ᠂ ᠱᠠᠪᠢ᠂ ᠬᠣᠰᠢᠭᠤᠨ ᠤ 77 ᠲᠥᠯᠥᠭᠡᠯᠡᠭᠴᠢ ᠨᠡᠶᠢᠰᠯᠡᠯ ᠬᠦᠷᠢᠶᠡᠨ ᠳᠦ ᠬᠤᠷᠠᠨ ᠴᠤᠭᠯᠠᠵᠤ ᠠᠩᠬᠠᠳᠤᠭᠠᠷ ᠶᠡᠬᠡ ᠬᠤᠷᠠᠯ ᠢᠶᠠᠨ ᠬᠢᠭᠰᠡᠨ ᠲᠡᠦᠬᠡ ᠲᠡᠢ᠃ ᠡᠨᠡᠬᠦ ᠬᠤᠷᠠᠯ ᠢᠶᠠᠷ ᠬᠠᠭᠠᠨᠲᠤ ᠵᠠᠰᠠᠭ ᠠᠴᠠ ᠪᠦᠭᠦᠳᠡ ᠨᠠᠶᠢᠷᠠᠮᠳᠠᠬᠤ ᠵᠠᠰᠠᠭᠯᠠᠯ ᠳᠤ ᠰᠢᠯᠵᠢᠨ᠂ ᠬᠠᠮᠵᠢᠯᠭᠠᠲᠤ ᠶᠣᠰᠣ ᠶᠢ ᠬᠠᠯᠠᠭᠰᠠᠨ ᠠᠩᠬᠠᠳᠤᠭᠠᠷ ᠦᠨᠳᠦᠰᠦᠨ ᠬᠠᠤᠯᠢ ᠶᠢ 15 ᠬᠣᠨᠣᠭ ᠬᠡᠯᠡᠯᠴᠡᠵᠦ᠂ 1924 ᠣᠨ ᠤ 11 ᠳ᠋ᠤᠭᠡᠷ ᠰᠠᠷ᠎ᠠ ᠶᠢᠨ 26 ᠤ ᠡᠳᠦᠷ ᠪᠠᠲᠤᠯᠠᠵᠤ ᠪᠠᠶᠢᠪᠠ᠃
ᠠᠩᠬᠠᠳᠤᠭᠠᠷ ᠦᠨᠳᠦᠰᠦᠨ ᠬᠠᠤᠯᠢ ᠪᠠᠷ ᠪᠦᠬᠦ ᠱᠠᠲᠤᠨ ᠤ ᠠᠷᠠᠳ ᠤᠨ ᠬᠤᠷᠠᠯ ᠨᠢ ᠰᠢᠨ᠎ᠡ ᠲᠥᠷᠥ ᠶᠢᠨ ᠦᠨᠳᠦᠰᠦ ᠪᠣᠯᠬᠤ ᠶᠢ ᠬᠠᠤᠯᠢᠴᠢᠯᠠᠬᠤ ᠶᠢᠨ ᠬᠠᠮᠲᠤ ᠠᠷᠠᠳ ᠲᠦᠮᠡᠨ ᠡᠴᠡ ᠲᠥᠷᠥ ᠶᠢᠨ ᠬᠡᠷᠡᠭ ᠲᠦ ᠤᠷᠤᠯᠴᠠᠬᠤ ᠡᠷᠬᠡ ᠴᠢᠯᠦᠭᠡ ᠶᠢ ᠮᠣᠩᠭᠣᠯ ᠤᠯᠤᠰ ᠤᠨ ᠲᠡᠦᠬᠡᠨ ᠳᠦ ᠠᠩᠬ᠎ᠠ ᠤᠳᠠᠭ᠎ᠠ ᠲᠤᠩᠬᠠᠭᠯᠠᠨ ᠵᠠᠷᠯᠠᠭᠰᠠᠨ ᠪᠠᠶᠢᠨ᠎ᠠ᠃ ᠠᠩᠬᠠᠳᠤᠭᠠᠷ ᠦᠨᠳᠦᠰᠦᠨ ᠬᠠᠤᠯᠢ ᠳᠤ ᠮᠣᠩᠭᠣᠯ ᠤᠨ ᠭᠠᠵᠠᠷ ᠰᠢᠷᠣᠢ᠂ ᠬᠦᠷᠦᠰᠦᠨ ᠳᠤᠤᠷᠠᠬᠢ ᠪᠠᠶᠠᠯᠢᠭ᠂ ᠣᠢ ᠮᠣᠳᠣ᠂ ᠤᠰᠤ ᠷᠠᠰᠢᠶᠠᠨ᠂ ᠠᠩ ᠠᠮᠢᠲᠠᠨ ᠨᠢ ᠠᠷᠠᠳ ᠲᠦᠮᠡᠨ ᠦ ᠥᠮᠴᠢ ᠬᠡᠮᠡᠨ ᠵᠠᠷᠯᠠᠵᠠᠢ᠃ ᠲᠡᠭᠦᠨᠴᠢᠯᠡᠨ ᠠᠽᠢᠶ᠎ᠠ ᠲᠢᠪ ᠲᠦ ᠠᠩᠬ᠎ᠠ ᠤᠳᠠᠭ᠎ᠠ ᠡᠮᠡᠭᠲᠡᠶᠢᠴᠦᠳ ᠲᠦ ᠡᠷᠡᠴᠦᠳ ᠦᠨ ᠠᠳᠠᠯᠢ ᠲᠡᠭᠰᠢ ᠡᠷᠬᠡ ᠣᠯᠭᠤᠵᠤ᠂ ᠢᠷᠭᠡᠳ ᠦᠨ ᠢᠶᠡᠨ ᠰᠤᠩᠭᠤᠬᠤ᠂ ᠰᠣᠩᠭᠣᠭᠳᠠᠬᠤ ᠡᠷᠬᠡ ᠶᠢ ᠬᠠᠤᠯᠢᠴᠢᠯᠠᠵᠤ᠂ ᠨᠡᠶᠢᠭᠡᠮ ᠢ ᠠᠷᠠᠳᠴᠢᠯᠠᠬᠤ ᠰᠢᠨ᠎ᠡ ᠦᠢᠯᠡᠰ ᠦᠨ ᠡᠬᠢᠯᠡᠯ ᠢ ᠲᠠᠯᠪᠢᠭᠰᠠᠨ ᠶᠤᠮ᠃ ᠮᠥᠨ ︽ᠪᠦᠭᠦᠳᠡ ᠨᠠᠶᠢᠷᠠᠮᠳᠠᠬᠤ ᠮᠤᠩᠭᠤᠯ ᠠᠷᠠᠳ ᠤᠯᠤᠰ ᠤᠨ ᠳᠡᠭᠡᠳᠦ ᠡᠷᠬᠡ ᠶᠢ ᠤᠯᠤᠰ ᠤᠨ ᠶᠡᠬᠡ ᠬᠤᠷᠠᠯ ᠳᠤ ᠬᠠᠳᠠᠭᠠᠯᠠᠬᠤ ᠪᠥᠭᠡᠳ ᠮᠥᠨ ᠬᠤᠷᠠᠯ ᠤᠨ ᠴᠢᠯᠦᠭᠡ ᠴᠠᠭ ᠲᠤ ᠤᠯᠤᠰ ᠤᠨ ᠪᠠᠭ᠎ᠠ ᠬᠤᠷᠠᠯ ᠳᠤ ᠬᠠᠳᠠᠭᠠᠯᠠᠭᠤᠯᠬᠤ ᠪᠠ ᠪᠠᠰᠠ ᠮᠥᠨ ᠬᠤᠷᠠᠯ ᠤᠨ ᠴᠢᠯᠦᠭᠡ ᠴᠠᠭ ᠲᠤ ᠪᠠᠭ᠎ᠠ ᠬᠤᠷᠠᠯ ᠤᠨ ᠲᠡᠷᠢᠭᠦᠯᠡᠭᠴᠢᠳ ᠪᠠ ᠵᠠᠰᠠᠭ ᠤᠨ ᠭᠠᠵᠠᠷ ᠤᠨ ᠳᠤᠮᠳᠠ ᠬᠠᠳᠠᠭᠠᠯᠠᠭᠤᠯᠪᠠᠯ ᠵᠣᠬᠢᠨ᠎ᠠ︾ ᠬᠡᠮᠡᠨ ᠲᠤᠰᠬᠠᠵᠤ᠂ ᠫᠠᠷᠯᠠᠮᠧᠨᠲ ᠤᠨ ᠵᠠᠰᠠᠭᠯᠠᠯ ᠤᠨ ᠡᠬᠢ ᠶᠢ ᠲᠠᠯᠪᠢᠭᠰᠠᠨ ᠤ ᠦᠷᠭᠦᠯᠵᠢᠯᠡᠯ ᠨᠢ ᠥᠨᠥ ᠶᠢᠨ ᠪᠠᠶᠢᠩᠭᠤ ᠶᠢᠨ ᠠᠵᠢᠯᠯᠠᠭ᠎ᠠ ᠲᠠᠢ ᠫᠠᠷᠯᠠᠮᠧᠨᠲ – ᠤᠯᠤᠰ ᠤᠨ ᠶᠡᠬᠡ ᠬᠤᠷᠠᠯ ᠶᠤᠮ᠃
ᠲᠡᠶᠢᠮᠦ ᠡᠴᠡ ᠡᠨᠡ ᠡᠳᠦᠷ ᠲᠤᠰᠠᠭᠠᠷ ᠲᠣᠭᠲᠠᠨᠢᠯ᠂ ᠦᠨᠳᠦᠰᠦᠨ ᠦ ᠪᠠᠬᠠᠷᠬᠠᠯ ᠢᠶᠠᠨ ᠳᠡᠭᠡᠳᠦᠯᠡᠨ᠂ ᠡᠬᠡ ᠲᠡᠦᠬᠡ ᠶᠢᠨ ᠦᠨ᠎ᠡ ᠴᠡᠨ᠎ᠡ ᠶᠢ ᠮᠡᠳᠡᠵᠦ ᠤᠬᠠᠭᠠᠷᠠᠬᠤ᠂ ᠬᠣᠶᠢᠴᠢ ᠦᠶ᠎ᠡ ᠶᠢᠨ ᠬᠢᠨ ᠳᠦ ᠪᠡᠨ ᠤᠳᠬ᠎ᠠ ᠤᠴᠢᠷ ᠢ ᠨᠢ ᠣᠶᠢᠯᠠᠭᠠᠭᠤᠯᠤᠨ ᠥᠪᠯᠡᠭᠦᠯᠬᠦ ᠶᠠᠪᠤᠳᠠᠯ ᠡᠷᠬᠢᠮ ᠴᠢᠬᠤᠯᠠ ᠪᠢᠯᠡ᠃
ᠡᠷᠬᠢᠮ ᠬᠦᠨᠳᠦᠳ ᠢᠷᠭᠡᠳ ᠡ᠂ ᠮᠣᠩᠭᠣᠯ ᠤᠯᠤᠰ ᠲᠡᠦᠬᠡᠨ ᠳᠦ ᠪᠡᠨ 4 ᠤᠳᠠᠭ᠎ᠠ ᠦᠨᠳᠦᠰᠦᠨ ᠬᠠᠤᠯᠢ ᠪᠠᠲᠤᠯᠠᠭᠰᠠᠨ ᠪᠠᠶᠢᠳᠠᠭ᠃ ᠬᠠᠮᠤᠭ ᠤᠨ ᠰᠡᠭᠦᠯ ᠦᠨ ᠪᠤᠶᠤ 1992 ᠣᠨ ᠳᠤ ᠪᠠᠲᠤᠯᠠᠭᠰᠠᠨ ᠠᠷᠠᠳᠴᠢᠯᠠᠭᠰᠠᠨ ᠦᠨᠳᠦᠰᠦᠨ ᠬᠠᠤᠯᠢ ᠰᠢᠨ᠎ᠡ ᠰᠣᠩᠭᠣᠯᠲᠠ ᠪᠠᠨ ᠪᠠᠲᠤᠯᠠᠭᠠᠵᠢᠭᠤᠯᠬᠤ᠂ ᠠᠷᠠᠳᠴᠢᠯᠠᠭᠰᠠᠨ ᠵᠠᠰᠠᠭᠯᠠᠯ ᠢᠶᠠᠨ ᠪᠡᠬᠢᠵᠢᠭᠦᠯᠬᠦ ᠳᠦ ᠦᠨᠡᠲᠡᠢ ᠬᠤᠪᠢ ᠨᠡᠮᠡᠷᠢ ᠣᠷᠣᠭᠤᠯᠤᠭᠰᠠᠭᠠᠷ ᠪᠠᠶᠢᠨ᠎ᠠ᠃ ᠭᠡᠬᠦ ᠳᠦ ᠪᠡᠨ ᠴᠠᠭ ᠬᠤᠭᠤᠴᠠᠭ᠎ᠠ ᠤᠯᠠᠷᠢᠵᠤ᠂ ᠤᠯᠤᠰ ᠣᠷᠣᠨ ᠬᠥᠭᠵᠢᠨ ᠳᠡᠪᠰᠢᠬᠦ ᠲᠤᠰᠤᠮ ᠨᠡᠶᠢᠭᠡᠮ ᠤᠨ ᠬᠠᠷᠢᠯᠴᠠᠭᠠᠨ ᠳᠤ ᠰᠢᠨ᠎ᠡ ᠵᠣᠬᠢᠴᠠᠭᠤᠯᠤᠯᠲᠠ ᠱᠠᠭᠠᠷᠳᠠᠭᠳᠠᠵᠤ ᠪᠠᠶᠢᠳᠠᠭ᠃ ᠰᠢᠨ᠎ᠡ ᠦᠨᠳᠦᠰᠦᠨ ᠬᠠᠤᠯᠢ ᠶᠢ ᠴᠤ ᠡᠨᠡ ᠵᠢᠮ᠎ᠠ ᠶᠣᠰᠣᠨ ᠤ ᠦᠵᠡᠭᠳᠡᠯ ᠲᠣᠭᠣᠷᠢᠭᠰᠠᠨ ᠦᠭᠡᠢ᠃
ᠫᠠᠷᠯᠠᠮᠧᠨᠲ ᠶᠣᠰᠣ ᠪᠠᠨ ᠪᠡᠬᠢᠵᠢᠭᠦᠯᠬᠦ᠂ ᠵᠠᠰᠠᠭᠯᠠᠯ ᠤᠨ ᠬᠠᠷᠢᠯᠴᠠᠨ ᠬᠢᠨᠠᠯᠲᠠ ᠲᠡᠩᠴᠡᠯ ᠢ ᠵᠣᠬᠢᠰᠲᠠᠢ ᠪᠣᠯᠭᠠᠬᠤ᠂ ᠬᠠᠤᠯᠢ ᠰᠢᠭᠦᠬᠦ ᠶᠢᠨ ᠪᠠᠶᠢᠭᠤᠯᠤᠯᠭ᠎ᠠ ᠶᠢᠨ ᠬᠠᠷᠢᠶᠠᠲᠤ ᠪᠤᠰᠤ ᠪᠠᠶᠢᠳᠠᠯ ᠢ ᠬᠠᠩᠭᠠᠬᠤ᠂ ᠨᠤᠲᠤᠭ ᠤᠨ ᠤᠳᠤᠷᠢᠳᠤᠯᠭ᠎ᠠ ᠶᠢ ᠪᠣᠯᠪᠠᠰᠤᠷᠠᠩᠭᠤᠢ ᠪᠣᠯᠭᠠᠬᠤ ᠵᠡᠷᠭᠡ ᠴᠢᠭᠯᠡᠯ ᠢᠶᠡᠷ ᠵᠠᠷᠢᠮ ᠨᠢᠭᠡ ᠨᠡᠮᠡᠯᠲᠡ ᠥᠭᠡᠷᠡᠴᠢᠯᠡᠯᠲᠡ ᠤᠷᠤᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠡᠭᠦᠰᠦᠭᠰᠡᠨ ᠲᠠᠯ᠎ᠠ ᠪᠠᠷ ᠪᠢᠳᠡ ᠰᠡᠭᠦᠯ ᠦᠨ 10 ᠭᠠᠷᠤᠢ ᠵᠢᠯ ᠶᠠᠷᠢᠭᠰᠠᠨ᠃ ᠲᠡᠶᠢᠮᠦ ᠡᠴᠡ ᠤᠯᠤᠰ ᠤᠨ ᠶᠡᠬᠡ ᠬᠤᠷᠠᠯ ᠡᠷᠳᠡᠮᠲᠡᠨ ᠰᠤᠳᠤᠯᠤᠭᠠᠴᠢᠳ ᠲᠠᠢ ᠪᠠᠨ ᠵᠥᠪᠯᠡᠯᠳᠦᠵᠦ᠂ ᠤᠯᠤᠰ ᠲᠥᠷᠥ ᠶᠢᠨ ᠨᠠᠮ᠂ ᠢᠷᠭᠡᠨ ᠦ ᠨᠡᠶᠢᠭᠡᠮ ᠦᠨ ᠬᠢᠨ ᠲᠡᠢ ᠬᠡᠯᠡᠯᠴᠡᠵᠦ᠂ ᠠᠷᠠᠳ ᠲᠦᠮᠡᠨ ᠳᠦ ᠪᠡᠨ ᠲᠠᠨᠢᠯᠴᠠᠭᠤᠯᠵᠤ᠂ ᠰᠠᠨᠠᠯ ᠪᠣᠳᠣᠯ ᠢ ᠨᠢ ᠠᠪᠴᠤ᠂ ᠪᠦᠬᠦᠢ ᠯᠠ ᠲᠦᠪᠰᠢᠨ ᠦ ᠣᠶᠢᠯᠠᠭᠠᠯᠴᠠᠯ ᠵᠥᠪᠰᠢᠯᠴᠡᠯ ᠢ ᠬᠠᠩᠭᠠᠨ ᠠᠵᠢᠯᠯᠠᠭᠰᠠᠨ ᠤ ᠦᠨᠳᠦᠰᠦᠨ ᠳᠡᠭᠡᠷ᠎ᠡ ᠦᠨᠳᠦᠰᠦᠨ ᠬᠠᠤᠯᠢ ᠳᠤ ᠪᠠᠨ ᠨᠡᠮᠡᠯᠲᠡ ᠥᠭᠡᠷᠡᠴᠢᠯᠡᠯᠲᠡ ᠣᠷᠣᠭᠤᠯᠤᠭᠠᠳ ᠪᠠᠶᠢᠨ᠎ᠠ᠃ ᠡᠨᠡᠬᠦ ᠨᠡᠮᠡᠯᠲᠡ ᠥᠭᠡᠷᠡᠴᠢᠯᠡᠯᠲᠡ ᠪᠡᠷ ᠲᠥᠷᠥ ᠴᠡᠭᠴᠡᠷᠡᠨ᠂ ᠵᠠᠰᠠᠭᠯᠠᠯ ᠲᠣᠭᠲᠠᠪᠤᠷᠢᠵᠢᠵᠤ᠂ ᠰᠢᠳᠤᠷᠭᠤ ᠶᠣᠰᠣ ᠲᠣᠭᠲᠠᠬᠤ ᠥᠭᠡᠷᠡᠴᠢᠯᠡᠯᠲᠡ ᠰᠢᠨᠡᠴᠢᠯᠡᠯᠲᠡ᠂ ᠡᠷᠬᠡ ᠵᠦᠢ ᠶᠢᠨ ᠬᠤᠪᠢᠰᠬᠠᠯ ᠤᠨ ᠡᠬᠢᠯᠡᠯ ᠲᠠᠯᠪᠢᠭᠳᠠᠨ᠎ᠠ ᠭᠡᠳᠡᠭ ᠲᠦ ᠢᠲᠡᠭᠡᠯ ᠲᠡᠢ ᠪᠠᠶᠢᠨ᠎ᠠ᠃
ᠤᠯᠤᠰ ᠢᠶᠠᠨ ᠲᠤᠩᠬᠠᠭᠯᠠᠭᠰᠠᠨ ᠤ ᠣᠢ᠂ ᠡᠵᠡᠨ ᠪᠣᠭᠳᠠ ᠴᠢᠩᠭᠢᠰ ᠬᠠᠭᠠᠨ ᠤ ᠮᠡᠨᠳᠦᠯᠡᠭᠰᠡᠨ ᠡᠳᠦᠷ᠂ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠣᠰᠣᠴᠢᠯᠠᠨ ᠪᠠᠲᠤᠯᠠᠭᠳᠠᠭᠰᠠᠨ ᠴᠠᠭ ᠬᠤᠭᠤᠴᠠᠭ᠎ᠠ ᠨᠢᠭᠡᠨ ᠳᠣᠣᠷ᠎ᠠ ᠳᠠᠪᠬᠤᠴᠠᠭᠰᠠᠨ ᠳᠤ ᠶᠡᠬᠡᠳᠡ ᠪᠡᠯᠭᠡᠰᠢᠶᠡᠵᠦ᠂ ᠮᠣᠩᠭᠣᠯ ᠤᠨ ᠠᠷᠠᠳ ᠲᠦᠮᠡᠨ ᠦ ᠬᠦᠰᠡᠨ ᠬᠦᠯᠢᠶᠡᠭᠰᠡᠨ  ᠰᠠᠶᠢᠨ ᠴᠠᠭ ᠢᠷᠡᠨ᠎ᠡ ᠭᠡᠰᠡᠨ ᠢᠲᠡᠭᠡᠯ ᠪᠠᠲᠤᠵᠢᠵᠤ ᠪᠠᠶᠢᠨ᠎ᠠ᠃
ᠮᠣᠩᠭᠣᠯ ᠲᠦᠮᠡᠨ ᠲᠠ ᠨᠠᠷ ᠮᠢᠨᠢ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ ᠥᠭᠡᠷᠡᠴᠢᠯᠡᠯᠲᠡ ᠶᠢ ᠰᠠᠶᠢᠲᠤᠷ ᠰᠤᠳᠤᠯᠵᠤ᠂ ᠵᠠᠰᠠᠭ ᠤᠨ ᠪᠦᠬᠦ ᠡᠷᠬᠡ ᠮᠡᠳᠡᠯ ᠭᠠᠭᠴᠠᠬᠦ ᠠᠷᠠᠳ ᠲᠦᠮᠡᠨ ᠦ ᠮᠡᠳᠡᠯ ᠳᠦ ᠪᠠᠶᠢᠬᠤ ᠦᠨᠳᠦᠰᠦᠨ ᠬᠠᠤᠯᠢ ᠶᠢᠨ ᠰᠠᠭᠤᠷᠢ ᠵᠠᠷᠴᠢᠮ ᠢᠶᠠᠨ ᠬᠡᠷᠡᠭᠵᠢᠭᠦᠯᠵᠦ᠂ ᠰᠠᠶᠢᠨ ᠴᠠᠭ᠂  ᠰᠠᠶᠢᠬᠠᠨ ᠢᠷᠡᠭᠡᠳᠦᠢ ᠶᠢᠨ ᠲᠥᠯᠥᠭᠡ ᠬᠠᠮᠲᠤᠷᠠᠨ ᠵᠢᠳᠬᠦᠬᠦ ᠶᠢ ᠤᠷᠢᠶᠠᠯᠠᠶ᠎ᠠ᠃ ᠲᠥᠷᠥ ᠶᠢᠨ ᠨᠢᠷᠤᠭᠤ ᠲᠥᠪᠰᠢᠨ᠂ ᠲᠦᠮᠡᠨ ᠦ ᠰᠡᠳᠬᠢᠯ ᠠᠮᠤᠭᠤᠯᠠᠩ ᠣᠷᠣᠰᠢᠭ ᠡ᠃ ᠮᠥᠩᠬᠡ ᠬᠥᠬᠡ ᠲᠩᠷᠢ ᠶᠢᠨ ᠳᠣᠣᠷ᠎ᠠ ᠮᠣᠩᠭᠣᠯ ᠡᠬᠡ ᠣᠷᠣᠨ ᠮᠢᠨᠢ ᠡᠩᠬᠡ ᠣᠷᠣᠰᠢᠵᠤ᠂ ᠰᠡᠷᠭᠦᠨ ᠮᠠᠨᠳᠤᠬᠤ ᠪᠣᠯᠲᠤᠭᠠᠢ᠃
ᠮᠤᠩᠭᠤᠯ ᠤᠯᠤᠰ ᠤᠨ ᠶᠡᠬᠡ ᠬᠤᠷᠠᠯ ᠤᠨ ᠳᠠᠷᠤᠭ᠎ᠠ ᠭ᠂ ᠽᠠᠨᠳᠠᠨᠰᠢᠲᠠᠷ᠎ᠠ

ᠰᠡᠳᠬᠢᠭᠳᠡᠯ ᠦᠯᠡᠳᠡᠭᠡᠬᠦ