ᠪᠥᠬᠡ ᠶᠢᠨ ᠪᠠᠷᠢᠯᠳᠤᠭᠠᠨ ᠳᠤ ᠬ∙ᠪᠠᠲᠤᠲᠤᠯᠭ᠎ᠠ ᠦᠭᠡ ᠬᠡᠯᠡᠪᠡ | News.MN

ᠪᠥᠬᠡ ᠶᠢᠨ ᠪᠠᠷᠢᠯᠳᠤᠭᠠᠨ ᠳᠤ ᠬ∙ᠪᠠᠲᠤᠲᠤᠯᠭ᠎ᠠ ᠦᠭᠡ ᠬᠡᠯᠡᠪᠡ

ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠦ 857 ᠵᠢᠯ ᠦᠨ ᠣᠢ-ᠮᠣᠩᠭᠣᠯ ᠪᠠᠬᠠᠷᠬᠠᠯ ᠤᠨ ᠡᠳᠦᠷ ᠪᠣᠯᠤᠨ ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠶᠢᠷᠠᠮᠳᠠᠬᠤ ᠤᠯᠤᠰ ᠲᠤᠩᠬᠠᠭᠯᠠᠭᠰᠠᠨ ᠤ 95 ᠵᠢᠯ ᠦᠨ ᠣᠢ ᠶᠢᠨ ᠪᠠᠶᠠᠷ ᠤᠨ ᠡᠳᠦᠷ ᠲᠦ ᠵᠣᠷᠢᠭᠤᠯᠤᠭᠰᠠᠨ ᠥᠨᠳᠥᠷ ᠴᠢᠨᠰᠠᠭ᠎ᠠ ᠲᠠᠢ᠂ ᠰᠢᠯᠢᠳᠡᠭ 128 ᠪᠥᠬᠡ ᠶᠢᠨ ᠪᠠᠷᠢᠯᠳᠤᠭᠠᠨ ᠪᠤᠶᠠᠨᠲᠤ ᠬᠤᠸᠠ ᠰᠫᠣᠷᠲ ᠴᠣᠭᠴᠠᠯᠠᠪᠤᠷᠢ ᠳᠤ ᠪᠣᠯᠵᠤ ᠪᠠᠶᠢᠨ᠎ᠠ᠃
ᠬ∙ᠪᠠᠲᠤᠲᠤᠯᠭ᠎ᠠ ᠄ ᠮᠣᠩᠭᠣᠯᠴᠤᠳ ᠡ᠂ ᠬᠦᠷᠦᠯᠴᠡᠨ ᠢᠷᠡᠭᠰᠡᠨ ᠵᠣᠴᠢᠳ ᠠ᠋᠂
ᠳᠡᠯᠡᠬᠡᠢ ᠳᠠᠶᠠᠭᠠᠷ ᠲᠤ ᠲᠠᠷᠬᠠᠨ ᠰᠠᠭᠤᠷᠢᠰᠢᠭᠰᠠᠨ ᠮᠣᠩᠭᠣᠯᠴᠤᠳ ᠡ ᠂ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠦ 857 ᠵᠢᠯ ᠦᠨ ᠣᠢ ᠪᠣᠯᠤᠨ ᠠᠩᠬᠠᠳᠤᠭᠠᠷ ᠦᠨᠳᠦᠰᠦᠨ ᠬᠠᠤᠯᠢ᠂ ᠪᠦᠭᠦᠳᠡ ᠨᠠᠶᠢᠷᠠᠮᠳᠠᠬᠤ ᠵᠠᠰᠠᠭᠯᠠᠯ ᠤᠨ 95 ᠵᠢᠯ ᠦᠨ ᠣᠢ ᠳᠠᠷᠠᠭᠠᠯᠠᠭᠰᠠᠨ ᠬᠣᠪᠣᠷᠬᠠᠨ ᠪᠡᠯᠭᠡᠰᠢᠶᠡᠯᠲᠦ ᠡᠳᠦᠷ ᠦᠳ ᠲᠣᠬᠢᠶᠠᠵᠤ ᠪᠠᠶᠢᠨ᠎ᠠ᠃ ᠡᠶᠢᠮᠦ ᠡᠴᠡ ᠥᠨᠥᠳᠥᠷ ᠡᠨᠡ ᠬᠣᠶᠠᠷ ᠪᠠᠶᠠᠷ ᠲᠤ ᠵᠣᠷᠢᠭᠤᠯᠤᠭᠰᠠᠨ ᠬᠦᠴᠦᠲᠦ ᠪᠥᠬᠡ ᠶᠢᠨ ᠪᠠᠷᠢᠯᠳᠤᠭᠠᠨ ᠢ ᠨᠢᠭᠡᠳᠬᠡᠨ ᠵᠣᠬᠢᠶᠠᠨ ᠪᠠᠶᠢᠭᠤᠯᠵᠤ ᠪᠠᠶᠢᠭ᠎ᠠ ᠶᠤᠮ᠃ ᠪᠠᠶᠠᠷ ᠤᠨ ᠡᠨᠡ ᠡᠳᠦᠷ ᠦᠳ ᠲᠦ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ ᠥᠭᠡᠷᠡᠴᠢᠯᠡᠯᠲᠡ ᠶᠢᠨ ᠤᠭ ᠡᠬᠡ ᠶᠢ ᠨᠣᠲᠠᠯᠠᠨ ᠪᠠᠲᠤᠯᠠᠭᠠᠵᠢᠭᠤᠯᠤᠭᠰᠠᠨ᠂ ᠮᠥᠨ ᠡᠪᠦᠭᠡ ᠳᠡᠭᠡᠳᠦᠰ ᠦᠨ ᠢᠶᠡᠨ ᠰᠤᠤ ᠠᠯᠳᠠᠷ᠂ ᠦᠨᠳᠦᠰᠦᠨ ᠦ ᠤᠯᠠᠮᠵᠢᠯᠠᠯᠲᠤ ᠤᠷᠠᠯᠢᠭ ᠤᠨ ᠳᠤᠮᠳᠠᠷᠠᠰᠢ ᠦᠭᠡᠢ ᠥᠪ ᠰᠤᠶᠤᠯ ᠢ ᠳᠡᠯᠡᠬᠡᠢ ᠳ᠋ᠠᠬᠢᠨ ᠳᠤ ᠪᠠᠬᠠᠷᠬᠠᠯᠲᠠᠢ ᠪᠠᠷ ᠲᠦᠭᠡᠭᠡᠵᠦ ᠶᠠᠪᠤᠭ᠎ᠠ ᠾᠦᠩᠨᠤ ᠷᠣᠺ ᠬᠠᠮᠲᠤᠯᠢᠭ ᠢ ᠲᠥᠷᠥ ᠶᠢᠨ ᠳᠡᠭᠡᠳᠦ ᠱᠠᠩᠨᠠᠯ᠂ ᠲᠡᠷᠢᠭᠦᠨ ᠵᠡᠷᠭᠡ ᠶᠢᠨ ︽ᠴᠢᠩᠭᠢᠰ ᠬᠠᠭᠠᠨ︾ ᠣᠳᠣᠨ ᠢᠶᠠᠷ ᠱᠠᠩᠨᠠᠭᠰᠠᠨ ᠵᠡᠷᠭᠡ ᠴᠢᠬᠤᠯᠠ ᠦᠢᠯᠡ ᠶᠠᠪᠤᠳᠠᠯ ᠤᠳ ᠴᠤ ᠲᠣᠬᠢᠶᠠᠯ᠎ᠠ᠃
1924 ᠣᠨ ᠤ 11 ᠳ᠋ᠤᠭᠡᠷ ᠰᠠᠷ᠎ᠠ ᠶᠢᠨ 26 ᠍ ᠤ ᠡᠳᠦᠷ ᠪᠣᠯ ᠮᠣᠩᠭᠣᠯ ᠤᠨ ᠲᠡᠦᠬᠡ ᠶᠢᠨ ᠴᠢᠬᠤᠯᠠ ᠨᠢᠭᠡᠨ ᠴᠡᠭ ᠪᠠᠶᠢᠪᠠ᠃ ᠡᠨᠡ ᠡᠳᠦᠷ ᠮᠣᠩᠭᠣᠯᠴᠤᠳ ᠠᠩᠬᠠᠳᠤᠭᠠᠷ ᠦᠨᠳᠦᠰᠦᠨ ᠬᠠᠤᠯᠢ ᠪᠠᠨ ᠰᠠᠨᠠᠭ᠎ᠠ ᠨᠢᠭᠡᠲᠡᠢ ᠪᠡᠷ ᠪᠠᠲᠤᠯᠠᠭᠰᠠᠨ ᠤ ᠴᠠᠭᠠᠳᠤ ᠤᠴᠢᠷ ᠨᠢ 1924 ᠣᠨ ᠤ 5 ᠳ᠋ᠤᠭᠠᠷ ᠰᠠᠷ᠎ᠠ ᠶᠢᠨ 31 ᠍ ᠳᠦ ᠵᠥᠪᠯᠡᠯᠲᠦ ᠬᠣᠯᠪᠣᠭᠠᠲᠤ ᠤᠯᠤᠰ᠂ ᠪᠦᠭᠦᠳᠡ ᠨᠠᠶᠢᠷᠠᠮᠳᠠᠬᠤ ᠬᠢᠲᠠᠳ ᠤᠯᠤᠰ ᠤᠨ ᠬᠣᠭᠣᠷᠣᠨᠳᠣ ᠪᠠᠶᠢᠭᠤᠯᠤᠭᠰᠠᠨ ᠬᠡᠯᠡᠯᠴᠡᠭᠡᠷ ᠦᠨ 5 ᠳ᠋ᠤᠭᠠᠷ ᠵᠦᠢᠯ ᠳᠦ᠂ ︽ᠵᠥᠪᠯᠡᠯᠲᠦ ᠬᠣᠯᠪᠣᠭᠠᠲᠤ ᠤᠯᠤᠰ ᠨᠢ ᠭᠠᠳᠠᠭᠠᠳᠤ ᠮᠣᠩᠭᠣᠯ ᠢ ᠪᠦᠭᠦᠳᠡ ᠨᠠᠶᠢᠷᠠᠮᠳᠠᠬᠤ ᠬᠢᠲᠠᠳ ᠤᠯᠤᠰ ᠤᠨ ᠪᠦᠷᠢᠯᠳᠦᠬᠦᠨ ᠬᠡᠰᠡᠭ ᠭᠡᠵᠦ ᠬᠦᠯᠢᠶᠡᠨ ᠵᠦᠪᠰᠢᠶᠡᠷᠡᠵᠦ᠂ ᠬᠢᠲᠠᠳ ᠤᠨ ᠪᠦᠷᠢᠨ ᠡᠷᠬᠡ ᠶᠢ ᠬᠦᠨᠳᠦᠳᠬᠡᠨ᠎ᠡ︾ ᠭᠡᠬᠦ ᠤᠳᠬ᠎ᠠ ᠪᠦᠬᠦᠢ ᠵᠢᠭᠠᠯᠲᠠ ᠣᠷᠣᠭᠤᠯᠤᠭᠰᠠᠨ ᠢ ᠡᠰᠡᠷᠭᠦᠴᠡᠨ ᠥᠪᠡᠷᠰᠡᠳ ᠦᠨ ᠲᠤᠰᠠᠭᠠᠷ ᠲᠣᠭᠲᠠᠨᠢᠯ᠂ ᠪᠦᠷᠢᠨ ᠡᠷᠬᠡ ᠶᠢ ᠲᠤᠩᠬᠠᠭᠯᠠᠬᠤ ᠳᠤ ᠣᠷᠣᠰᠢᠵᠤ ᠪᠠᠶᠢᠪᠠ ᠃
ᠮᠣᠩᠭᠣᠯᠴᠤᠳ ᠥᠪᠡᠷᠰᠡᠳ ᠦᠨ ᠦᠨᠳᠦᠰᠦᠨ ᠬᠠᠤᠯᠢ ᠶᠢ ᠭᠠᠷᠭᠠᠨ ᠪᠠᠲᠤᠯᠠᠵᠤ᠂ ᠪᠦᠭᠦᠳᠡ ᠨᠠᠶᠢᠷᠠᠮᠳᠠᠬᠤ ᠵᠠᠰᠠᠭᠯᠠᠯ ᠳᠤ ᠰᠢᠯᠵᠢᠵᠦ ᠪᠠᠶᠢᠭ᠎ᠠ ᠪᠠᠨ ᠵᠠᠷᠯᠠᠭᠰᠠᠨ ᠨᠢ ᠬᠥᠷᠰᠢ ᠣᠷᠣᠨ ᠨᠤᠭᠤᠳ ᠤᠨ ᠬᠤᠤᠪᠢᠯᠳᠤᠭᠠᠨ᠂ ᠲᠤᠯᠭᠠᠯᠲᠠ ᠰᠢᠬᠠᠯᠲᠠ ᠶᠢ ᠦᠯᠦ ᠲᠣᠭᠤᠵᠤ ᠪᠠᠶᠢᠭ᠎ᠠ ᠪᠠᠨ᠂ ᠪᠢᠳᠡ ᠲᠤᠰᠠᠭᠠᠷ ᠤᠯᠤᠰ᠂ ᠥᠪᠡᠷᠰᠡᠳ ᠦᠨ ᠬᠦᠰᠡᠯ ᠵᠣᠷᠢᠭ ᠢᠶᠠᠷ ᠪᠠᠶᠢᠨ᠎ᠠ ᠭᠡᠳᠡᠭ ᠢᠶᠡᠨ ᠣᠯᠠᠨ ᠤᠯᠤᠰ ᠲᠤ᠂ ᠳᠡᠯᠡᠬᠡᠢ ᠳ᠋ᠠᠬᠢᠨ ᠳᠤ ᠮᠡᠳᠡᠭᠳᠡᠭᠰᠡᠨ ᠬᠡᠷᠡᠭ ᠪᠣᠯᠤᠭᠰᠠᠨ ᠶᠤᠮ᠃  ᠪᠦᠭᠦᠳᠡ ᠨᠠᠶᠢᠷᠠᠮᠳᠠᠬᠤ᠍ ᠮᠤᠩᠭᠤᠯ ᠠᠷᠠᠳ ᠤᠯᠤᠰ ᠢ ᠲᠤᠩᠬᠠᠭᠯᠠᠭᠰᠠᠨ ᠤ ᠲᠡᠦᠬᠡᠨ ᠦᠨ᠎ᠡ ᠴᠡᠨ᠎ᠡ ᠴᠤᠬᠤᠮ ᠬᠦ ᠡᠨᠳᠡ ᠯᠠ ᠣᠷᠣᠰᠢᠳᠠᠭ ᠢ ᠮᠠᠷᠲᠠᠯ ᠦᠭᠡᠢ ᠰᠠᠨᠠᠵᠤ ᠶᠠᠪᠤᠬᠤ ᠤᠴᠢᠷ ᠲᠠᠢ ᠶᠤᠮ᠂ ᠪᠢᠳᠡ᠃
ᠳᠡᠭᠡᠳᠦ ᠲᠩᠷᠢ ᠡᠴᠡ ᠵᠠᠶᠠᠭᠠᠲᠤ ᠶᠡᠬᠡ ᠡᠵᠡᠨ ᠪᠣᠭᠳᠠ ᠴᠢᠩᠭᠢᠰ ᠬᠠᠭᠠᠨ ᠤ ᠮᠡᠨᠳᠦᠯᠡᠭᠰᠡᠨ ᠡᠳᠦᠷ ᠪᠣᠯ ᠮᠣᠩᠭᠣᠯ ᠪᠢᠳᠡᠨ ᠦ ᠬᠤᠪᠢ ᠳᠤ ᠠᠰᠤᠷᠤ ᠶᠡᠬᠡ ᠤᠳᠬ᠎ᠠ ᠤᠴᠢᠷ᠂ ᠠᠭᠤᠯᠭ᠎ᠠ᠂ ᠪᠠᠬᠠᠳᠤᠯ ᠣᠮᠣᠭᠰᠢᠯ ᠢ ᠢᠯᠡᠷᠬᠡᠶᠢᠯᠡᠳᠡᠭ ᠪᠠᠶᠠᠷ᠃ ᠳᠡᠪᠡᠯ ᠲᠡᠢ᠂ ᠴᠥᠭᠡᠬᠡᠨ ᠮᠣᠩᠭᠣᠯᠴᠤᠳ ᠢᠶᠠᠨ ᠳᠠᠭᠠᠭᠤᠯᠤᠭᠰᠠᠭᠠᠷ ᠳᠡᠯᠡᠬᠡᠢ ᠶᠢᠨ ᠲᠡᠦᠬᠡ ᠶᠢ ᠲᠣᠳᠣᠷᠬᠠᠶᠢᠯᠠᠬᠤ ᠵᠡᠷᠭᠡ ᠳᠦ ᠬᠦᠷᠭᠡᠭᠰᠡᠨ ᠠᠤᠭ᠎ᠠ ᠶᠡᠬᠡ ᠤᠳᠤᠷᠢᠳᠤᠭᠴᠢ ᠴᠢᠩᠭᠢᠰ ᠬᠠᠭᠠᠨ ᠪᠣᠯ  ᠦᠶ᠎ᠡ ᠡᠴᠡ ᠦᠶ᠎ᠡ ᠳᠦ᠂ ᠤᠯᠤᠰ ᠠᠴᠠ ᠤᠯᠤᠰ ᠲᠤ᠂ ᠤᠳᠤᠮ ᠠᠴᠠ ᠤᠳᠤᠮ ᠳᠤ ᠮᠣᠩᠭᠣᠯ ᠲᠤᠭᠤᠷᠭᠠᠲᠠᠨ ᠪᠢᠳᠡᠨ ᠦ ᠦᠨᠳᠦᠰᠦᠨ ᠦ ᠦᠵᠡᠯ ᠦᠨ ᠣᠷᠭᠢᠯ᠂ ᠪᠢᠰᠢᠷᠡᠯ ᠪᠠᠬᠠᠳᠤᠯ ᠤᠨ ᠳᠡᠭᠡᠳᠦ ᠪᠠᠶᠢᠭᠰᠠᠭᠠᠷ ᠢᠷᠡᠭᠰᠡᠨ ᠶᠤᠮ᠃ ᠪᠠᠶᠢᠬᠤ ᠴᠤ ᠪᠣᠯᠤᠨ᠎ᠠ᠃ ᠡᠶᠢᠮᠦ ᠤᠳᠬ᠎ᠠ ᠤᠴᠢᠷ ᠲᠠᠢ ᠮᠣᠩᠭᠣᠯ ᠪᠠᠬᠠᠷᠬᠠᠯ ᠤᠨ ᠡᠳᠦᠷ᠂ ᠪᠦᠭᠦᠳᠡ ᠨᠠᠶᠢᠷᠠᠮᠳᠠᠬᠤ ᠤᠯᠤᠰ ᠢ ᠲᠤᠩᠬᠠᠭᠯᠠᠭᠰᠠᠨ ᠡᠳᠦᠷ ᠦᠳ ᠦᠨ ᠬᠦᠴᠦᠲᠦ ᠪᠥᠬᠡ ᠶᠢᠨ ᠪᠠᠷᠢᠯᠳᠤᠭᠠᠨ ᠳᠤ ᠥᠨᠳᠥᠷ ᠴᠢᠨᠰᠠᠭ᠎ᠠ ᠲᠠᠢ 128 ᠪᠥᠬᠡ ᠤᠷᠠᠨ ᠮᠡᠬᠡ ᠶᠢ ᠤᠷᠤᠯᠳᠤᠭᠤᠯᠵᠤ᠂ ᠦᠨᠡᠨ ᠬᠦᠴᠦ ᠶᠢ ᠰᠣᠷᠢᠬᠤ ᠪᠠᠷ ᠵᠣᠳᠣᠭᠯᠠᠵᠤ ᠪᠠᠶᠢᠨ᠎ᠠ᠃ ᠮᠣᠩᠭᠣᠯ ᠤᠯᠠᠮᠵᠢᠯᠠᠯ᠂ ᠮᠣᠩᠭᠣᠯ ᠵᠠᠩᠰᠢᠯ ᠢᠶᠠᠷ ᠢᠶᠠᠨ ᠬᠦᠴᠦᠲᠡᠳ ᠦᠨ ᠢᠶᠡᠨ ᠪᠠᠷᠢᠯᠳᠤᠭᠠᠨ ᠢ ᠰᠢᠮᠡᠳᠦᠨ ᠦᠵᠡᠵᠦ᠂ ᠲᠠᠭᠠᠯᠠᠨ ᠰᠣᠨᠢᠷᠬᠠᠨ᠎ᠠ ᠤᠤ᠃ ᠮᠥᠩᠬᠡ ᠲᠩᠷᠢ ᠪᠢᠳᠡᠨ ᠢ ᠢᠪᠡᠭᠡᠭ ᠭᠡᠯ᠎ᠡ᠃

ᠰᠡᠳᠬᠢᠭᠳᠡᠯ ᠦᠯᠡᠳᠡᠭᠡᠬᠦ