ᠳᠡᠯᠡᠬᠡᠢ ᠶᠢᠨ ᠣᠶᠤᠨ ᠤ ᠥᠮᠴᠢ ᠶᠢᠨ ᠭᠠᠵᠠᠷ ᠮᠣᠩᠭᠣᠯ ᠤᠯᠤᠰ ᠢ ᠰᠠᠶᠢᠰᠢᠶᠠᠯ᠎ᠠ  | News.MN

ᠳᠡᠯᠡᠬᠡᠢ ᠶᠢᠨ ᠣᠶᠤᠨ ᠤ ᠥᠮᠴᠢ ᠶᠢᠨ ᠭᠠᠵᠠᠷ ᠮᠣᠩᠭᠣᠯ ᠤᠯᠤᠰ ᠢ ᠰᠠᠶᠢᠰᠢᠶᠠᠯ᠎ᠠ 

ᠮᠣᠩᠭᠣᠯ ᠤᠯᠤᠰ ᠤᠨ ᠶᠡᠬᠡ ᠰᠤᠷᠭᠠᠭᠤᠯᠢ᠂ ᠣᠶᠤᠨ ᠤ ᠥᠮᠴᠢ ᠶᠢᠨ ᠭᠠᠵᠠᠷ ᠬᠠᠮᠲᠤᠷᠠᠨ ᠵᠣᠬᠢᠶᠠᠨ ᠪᠠᠶᠢᠭᠤᠯᠳᠠᠭ ︽ᠮᠣᠩᠭᠣᠯ ᠤᠨ ᠡᠩᠷᠲ᠋ᠧᠫᠧᠨᠧᠷ ᠦᠳ ᠦᠨ ᠨᠢᠭᠡᠳᠦᠭᠰᠡᠨ ᠴᠢᠭᠤᠯᠭᠠᠨ – 2019》 ᠠᠮᠵᠢᠯᠲᠠ ᠲᠠᠢ ᠪᠣᠯᠵᠤ ᠥᠨᠳᠥᠷᠯᠡᠯ᠎ᠡ᠃ ᠵᠢᠷᠭᠤᠭ᠎ᠠ ᠳ᠋ᠡᠬᠢ ᠵᠢᠯ ᠳᠦ ᠪᠡᠨ ᠵᠣᠬᠢᠶᠠᠭᠳᠠᠵᠤ ᠪᠤᠢ ᠴᠢᠭᠤᠯᠭᠠᠨ ᠡᠨᠡ ᠤᠳᠠᠭ᠎ᠠ ᠳᠤ ︽ᠢᠨᠨᠣᠸᠠᠼ ᠤᠨ ᠰᠤᠶᠤᠯ – ᠣᠶᠤᠨ ᠤ ᠥᠮᠴᠢ︾ ᠰᠡᠳᠦᠪ ᠢᠶᠡᠷ ᠪᠦᠲᠦᠨ ᠡᠳᠦᠷ ᠦᠨ ᠲᠤᠷᠰᠢ ᠬᠤᠷᠠᠯᠳᠤᠭᠰᠠᠨ ᠶᠤᠮ᠃  ᠴᠢᠭᠤᠯᠭᠠᠨ ᠤ ᠦᠶ᠎ᠡ ᠪᠡᠷ ᠲᠥᠷᠥ ᠪᠣᠯᠤᠨ ᠬᠤᠪᠢ ᠶᠢᠨ ᠬᠡᠪᠰᠢᠯ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠰᠠᠶᠢᠵᠢᠷᠠᠭᠤᠯᠵᠤ᠂ ᠢᠨᠨᠣᠸᠠᠼ ᠤᠨ ᠰᠤᠶᠤᠯ ᠢ ᠲᠥᠯᠦᠪᠰᠢᠭᠦᠯᠬᠦ ᠳᠦ ᠬᠠᠮᠲᠤᠷᠠᠨ ᠵᠢᠳᠬᠦᠵᠦ᠂ ᠠᠭᠤᠯᠠ ᠠᠭᠤᠷᠬᠠᠢ ᠶᠢᠨ ᠡᠺᠰᠫᠣᠷᠲ ᠠᠴᠠ ᠬᠠᠷᠢᠶᠠᠲᠤ ᠪᠤᠰᠤ ᠡᠳ᠋ ᠍ ᠦᠨ ᠵᠠᠰᠠᠭ ᠢ ᠬᠥᠭᠵᠢᠭᠦᠯᠬᠦ ᠲᠠᠯ᠎ᠠ ᠪᠠᠷ ᠰᠠᠨᠠᠯ᠂ ᠲᠤᠷᠰᠢᠯᠭ᠎ᠠ ᠪᠠᠨ ᠰᠣᠯᠢᠯᠴᠠᠯ᠎ᠠ᠃
ᠴᠢᠭᠤᠯᠭᠠᠨ ᠤ ᠦᠶ᠎ᠡ ᠪᠡᠷ ᠳᠡᠯᠡᠬᠡᠢ ᠶᠢᠨ ᠣᠶᠤᠨ ᠤ ᠥᠮᠴᠢ ᠶᠢᠨ ᠭᠠᠵᠠᠷ ᠍ ᠠᠴᠠ ᠤᠯᠠᠭᠠᠨᠪᠠᠭᠠᠲᠤᠷ ᠬᠣᠲᠠ ᠶᠢᠨ ᠪᠠᠩᠬᠢᠨ ᠤ ᠪᠠᠷᠠᠭᠠᠨ ᠤ ᠲᠡᠮᠳᠡᠭ ᠪᠠᠷᠢᠴᠠᠭᠠᠯᠠᠭᠰᠠᠨ ᠵᠢᠭᠡᠯᠡ ᠶᠢ ᠶᠡᠬᠡᠳᠡ ᠰᠠᠶᠢᠰᠢᠶᠠᠯ᠎ᠠ᠃ ᠣᠯᠠᠨ ᠤᠯᠤᠰ ᠤᠨ ᠬᠡᠮᠵᠢᠶᠡᠨ ᠳᠦ ᠣᠶᠤᠨ ᠤ ᠥᠮᠴᠢ ᠶᠢ ᠳᠡᠮᠵᠢᠬᠦ ᠠᠵᠢᠯ ᠢ ᠶᠡᠬᠡᠪᠴᠢᠯᠡᠨ ᠲᠥᠷᠥ ᠡᠴᠡ ᠵᠣᠬᠢᠶᠠᠨ ᠪᠠᠶᠢᠭᠤᠯᠳᠠᠭ ᠪᠣᠯ ᠮᠣᠩᠭᠣᠯ ᠤᠯᠤᠰ ᠳᠦ ᠬᠤᠪᠢ ᠶᠢᠨ ᠪᠠᠩᠬᠢ ᠰᠠᠩᠬᠦᠦ ᠶᠢᠨ ᠪᠠᠶᠢᠭᠤᠯᠤᠯᠭ᠎ᠠ ᠡᠶᠢᠨ ᠬᠦ  ᠪᠤᠳᠠᠲᠠᠢ ᠪᠠᠷ ᠳᠡᠮᠵᠢᠵᠦ ᠪᠠᠶᠢᠭ᠎ᠠ ᠨᠢ ᠮᠠᠰᠢ ᠣᠨᠴᠠᠭᠠᠢ ᠺᠧᠢᠰ ᠬᠡᠮᠡᠨ ᠣᠷᠣᠯᠴᠠᠭᠴᠢᠳ ᠦᠵᠡᠯ᠎ᠡ᠃ ᠴᠢᠨᠠᠭᠰᠢᠯᠠᠭᠠᠳ ᠪᠠᠷᠠᠭᠠᠨ ᠤ ᠲᠡᠮᠳᠡᠭ ᠪᠠᠷᠢᠴᠠᠭᠠᠯᠠᠭᠰᠠᠨ ᠵᠢᠭᠡᠯᠡ ᠶᠢ ᠣᠯᠠᠨ ᠤᠯᠤᠰ ᠤᠨ ᠲᠦᠪᠰᠢᠨ ᠳᠦ ᠲᠦᠭᠡᠭᠡᠨ ᠳᠡᠯᠭᠡᠷᠡᠭᠦᠯᠬᠦ ᠲᠠᠯ᠎ᠠ ᠪᠠᠷ ᠲᠤᠷᠰᠢᠯᠭ᠎ᠠ ᠪᠠᠨ ᠳᠡᠯᠡᠬᠡᠢ ᠶᠢᠨ ᠣᠶᠤᠨ ᠤ ᠥᠮᠴᠢ ᠶᠢᠨ ᠪᠠᠶᠢᠭᠤᠯᠤᠯᠭ᠎ᠠ ᠶᠢᠨ ᠠᠽᠢᠶ᠎ᠠ ᠨᠣᠮᠣᠬᠠᠨ ᠳᠠᠯᠠᠢ ᠶᠢᠨ ᠪᠥᠰᠡ ᠨᠤᠲᠤᠭ ᠢ ᠬᠠᠷᠢᠭᠤᠴᠠᠭᠰᠠᠨ ᠵᠥᠪᠯᠡᠬᠦ ᠳ᠋ᠸᠸᠢᠳ᠋ ᠰᠢᠮᠮᠤᠨᠰ ᠲᠠᠢ ᠬᠤᠪᠢᠶᠠᠯᠴᠠᠭᠰᠠᠨ ᠶᠤᠮ᠃ ᠴᠢᠭᠤᠯᠭᠠᠨ ᠳᠤ ᠣᠶᠤᠨ ᠤ ᠥᠮᠴᠢ ᠪᠡᠷ ᠪᠠᠲᠤᠯᠠᠭᠠᠵᠢᠭᠰᠠᠨ ᠪᠠᠷᠠᠭᠠᠨ ᠤ ᠲᠡᠮᠳᠡᠭ ᠪᠠᠷᠢᠴᠠᠭᠠᠯᠠᠭᠰᠠᠨ ᠵᠢᠭᠡᠯᠡ᠂ ᠭᠠᠷᠤᠭᠠᠨ ‍ᠣ ᠪᠢᠽᠢᠨᠧᠰ ᠢ ᠳᠡᠮᠵᠢᠬᠦ ᠵᠢᠭᠡᠯᠡ ᠳᠦ ᠬᠠᠮᠤᠷᠤᠭᠳᠠᠭᠰᠠᠨ ᠲᠥᠯᠥᠭᠡᠯᠡᠯ ᠦᠳ ᠫᠠᠨᠧᠯᠢᠰᠲ ᠢᠶᠡᠷ ᠣᠷᠣᠯᠴᠠᠵᠤ ᠥᠪᠡᠷᠰᠡᠳ ᠦᠨ ᠣᠯᠤᠯᠲᠠ᠂ ᠠᠮᠵᠢᠯᠲᠠ ᠲᠤᠷᠰᠢᠯᠭ᠎ᠠ ᠪᠠᠨ ᠬᠤᠪᠢᠶᠠᠯᠴᠠᠭᠰᠠᠨ ᠶᠤᠮ᠃

ᠰᠡᠳᠬᠢᠭᠳᠡᠯ ᠦᠯᠡᠳᠡᠭᠡᠬᠦ