ᠠᠴᠢᠶᠠᠨ ᠤ ᠸᠠᠭᠣᠨ ᠤ 51 ᠬᠤᠪᠢ ᠨᠢ ᠠᠰᠢᠭᠯᠠᠯᠲᠠ ᠶᠢᠨ ᠬᠤᠭᠤᠴᠠᠭ᠎ᠠ ᠬᠡᠲᠦᠷᠡᠵᠡᠢ  | News.MN

ᠠᠴᠢᠶᠠᠨ ᠤ ᠸᠠᠭᠣᠨ ᠤ 51 ᠬᠤᠪᠢ ᠨᠢ ᠠᠰᠢᠭᠯᠠᠯᠲᠠ ᠶᠢᠨ ᠬᠤᠭᠤᠴᠠᠭ᠎ᠠ ᠬᠡᠲᠦᠷᠡᠵᠡᠢ 

ᠮᠣᠩᠭᠣᠯ ᠣᠷᠣᠰ ᠤᠨ ᠬᠤᠪᠢ ᠨᠡᠶᠢᠯᠡᠭᠦᠯᠦᠭᠰᠡᠨ ︽ᠤᠯᠠᠭᠠᠨᠪᠠᠭᠠᠲᠤᠷ ᠲᠡᠮᠦᠷ ᠵᠠᠮ︾ ᠨᠡᠶᠢᠭᠡᠮᠯᠢᠭ ᠨᠢ ᠮᠣᠩᠭᠣᠯ ᠤᠯᠤᠰ ᠤᠨ ᠠᠴᠢᠶ᠎ᠠ ᠡᠷᠭᠢᠯᠲᠡ ᠶᠢᠨ 69.4 ᠬᠤᠪᠢ᠂ ᠵᠣᠷᠴᠢᠭᠴᠢ ᠡᠷᠭᠢᠯᠲᠡ ᠶᠢᠨ 21.7ᠬᠤᠪᠢ ᠶᠢ ᠳᠠᠩ ᠢᠶᠠᠷ ᠭᠦᠢᠴᠡᠳᠭᠡᠵᠦ᠂ 15.8 ᠮᠢᠩᠭᠠᠨ ᠬᠦᠮᠦᠨ ᠢ ᠠᠵᠢᠯ ᠤᠨ ᠪᠠᠶᠢᠷᠢ ᠪᠠᠷ ᠬᠠᠩᠭᠠᠳᠠᠭ᠃ ᠭᠡᠪᠡᠴᠦ ᠰᠦᠬᠡᠪᠠᠭᠠᠲᠤᠷ ᠠᠴᠠ ᠵᠠᠮ ᠤᠨ ᠡᠭᠦᠳᠡ ᠴᠢᠭᠯᠡᠯ ᠦᠨ ᠤᠯᠠᠭᠠᠨᠪᠠᠭᠠᠲᠤᠷ ᠲᠡᠮᠦᠷ ᠵᠠᠮ ᠤᠨ ᠰᠠᠭᠤᠷᠢ ᠪᠦᠲᠦᠴᠡ 25 ᠰᠠᠶ᠎ᠠ ᠲᠤᠨ ᠠᠴᠢᠶ᠎ᠠ ᠲᠡᠭᠡᠭᠡᠪᠦᠷᠢᠯᠡᠬᠦ ᠬᠦᠴᠦᠨ ᠴᠢᠳᠠᠯ ᠲᠠᠢ ᠭᠡᠵᠦ ᠲᠣᠭᠠᠴᠠᠭᠠᠯᠠᠭᠳᠠᠭᠰᠠᠨ ᠴᠤ 2018 ᠣᠨ ᠤ ᠭᠦᠢᠴᠡᠳᠬᠡᠯ ᠢᠶᠡᠷ 25.8 ᠰᠠᠶ᠎ᠠ ᠲᠤᠨ ᠠᠴᠢᠶ᠎ᠠ ᠲᠡᠭᠡᠭᠡᠪᠦᠷᠢᠯᠡᠭᠡᠳ ᠪᠠᠶᠢᠭ᠎ᠠ ᠨᠢ ᠥᠰᠦᠨ ᠨᠡᠮᠡᠭᠳᠡᠵᠦ ᠪᠤᠢ ᠲᠡᠭᠡᠭᠡᠪᠦᠷᠢ ᠶᠢᠨ ᠡᠷᠢᠯᠲᠡ ᠬᠡᠷᠡᠭᠴᠡᠭᠡ ᠶᠢ ᠬᠠᠩᠭᠠᠵᠤ ᠴᠢᠳᠠᠬᠤ ᠦᠭᠡᠢ ᠪᠠᠶᠢᠳᠠᠯ ᠳᠤ ᠬᠦᠷᠴᠡᠢ᠃ ᠮᠥᠨ ᠲᠡᠮᠦᠷ ᠵᠠᠮ ᠤᠨ ᠦᠨᠳᠦᠰᠦᠨ ᠪᠠᠭᠠᠽ ᠰᠠᠭᠤᠷᠢ ᠪᠣᠯᠤᠭᠰᠠᠨ ᠵᠢᠳᠬᠦᠭᠦᠷ᠂ ᠠᠴᠢᠶᠠᠨ ᠤ ᠪᠣᠯᠤᠨ ᠵᠣᠷᠴᠢᠭᠴᠢ ᠶᠢᠨ ᠸᠠᠭᠣᠨ ᠵᠡᠷᠭᠡ ᠬᠥᠳᠡᠯᠬᠦ ᠪᠦᠷᠢᠯᠳᠦᠬᠦᠨ᠂ ᠵᠠᠮ ᠤᠨ ᠲᠧᠭᠨᠢᠭ ᠦᠨ ᠥᠨᠥ ᠶᠢᠨ ᠪᠠᠶᠢᠳᠠᠯ ᠨᠠᠰᠤᠵᠢᠯᠲᠠ ᠥᠨᠳᠥᠷ᠂ ᠡᠯᠡᠭᠳᠡᠯ ᠶᠡᠬᠡ ᠲᠡᠢ᠂ ᠠᠰᠢᠭᠯᠠᠯᠲᠠ ᠶᠢᠨ ᠬᠤᠭᠤᠴᠠᠭ᠎ᠠ ᠳᠠᠭᠤᠰᠴᠤ ᠪᠠᠶᠢᠭ᠎ᠠ ᠠᠵᠠᠢ᠃ ᠵᠢᠳᠬᠦᠭᠦᠷ ᠦᠨ ᠠᠰᠢᠭᠯᠠᠯᠲᠠ ᠶᠢᠨ ᠬᠤᠭᠤᠴᠠᠭ᠎ᠠ 25᠂ ᠠᠴᠢᠶᠠᠨ ᠤ ᠸᠠᠭᠣᠨ ᠤ ᠠᠰᠢᠭᠯᠠᠯᠲᠠ ᠶᠢᠨ ᠳᠤᠮᠳᠠᠴᠢ ᠬᠤᠭᠤᠴᠠᠭ᠎ᠠ 33 ᠵᠢᠯ ᠪᠠᠶᠢᠳᠠᠭ ᠠᠭᠠᠳ ᠣᠳᠣ ᠪᠠᠷ ᠤᠯᠠᠭᠠᠨᠪᠠᠭᠠᠲᠤᠷ ᠲᠡᠮᠦᠷ ᠵᠠᠮ ᠤᠨ ᠨᠡᠶᠢᠲᠡ 127 ᠵᠢᠳᠬᠦᠭᠦᠷ ᠦᠨ 47.2 ᠬᠤᠪᠢ᠂ ᠨᠡᠶᠢᠲᠡ 3326 ᠠᠴᠢᠶᠠᠨ ᠤ ᠸᠠᠭᠣᠨ ᠤ 51.7 ᠬᠤᠪᠢ ᠶᠢᠨ  ᠬᠢᠨᠢ ᠠᠰᠢᠭᠯᠠᠯᠲᠠ ᠶᠢᠨ ᠬᠤᠭᠤᠴᠠᠭ᠎ᠠ ᠬᠡᠲᠦᠷᠡᠭᠰᠡᠨ ᠪᠠᠶᠢᠨ᠎ᠠ᠃
ᠡᠶᠢᠮᠦ ᠡᠴᠡ ︽ᠤᠯᠠᠭᠠᠨᠪᠠᠭᠠᠲᠤᠷ ᠲᠡᠮᠦᠷ ᠵᠠᠮ︾ ᠨᠡᠶᠢᠭᠡᠮᠯᠢᠭ ᠦᠨ ᠳᠡᠭᠡᠷᠡᠬᠢ ᠬᠦᠨᠳᠦᠷᠡᠯᠲᠡᠢ ᠨᠥᠬᠥᠴᠡᠯ ᠪᠠᠶᠢᠳᠠᠯ ᠢ ᠬᠠᠷᠠᠭᠠᠯᠵᠠᠨ ᠲᠡᠮᠦᠷ ᠵᠠᠮ ᠤᠨ ᠲᠡᠭᠡᠭᠡᠪᠦᠷᠢ ᠶᠢᠨ ᠠᠶᠤᠯᠭᠦᠢ ᠪᠠᠶᠢᠳᠠᠯ ᠢ ᠬᠠᠩᠭᠠᠬᠤ᠂ ᠦᠢᠯᠡ ᠠᠵᠢᠯᠯᠠᠭ᠎ᠠ ᠶᠢ ᠨᠢ ᠲᠠᠰᠤᠷᠠᠯᠲᠠ ᠦᠭᠡᠢ ᠬᠡᠪ ᠦᠨ ᠶᠠᠪᠤᠭᠤᠯᠬᠤ ᠳᠤ ᠱᠠᠭᠠᠷᠳᠠᠭᠳᠠᠬᠤ ᠬᠥᠷᠥᠩᠭᠡ ᠶᠢ ᠲᠤᠰ ᠨᠡᠶᠢᠭᠡᠮᠯᠢᠭ ᠦᠨ ᠬᠤᠪᠢ ᠨᠡᠶᠢᠯᠡᠭᠦᠯᠦᠭᠰᠡᠨ ᠬᠥᠷᠥᠩᠭᠡ ᠶᠢ ᠨᠡᠮᠡᠭᠳᠡᠭᠦᠯᠬᠦ ᠵᠠᠮ ᠢᠶᠠᠷ ᠬᠥᠷᠥᠩᠭᠡ ᠣᠷᠣᠭᠤᠯᠤᠯᠲᠠ ᠬᠢᠬᠦ ᠪᠡᠷ ᠪᠣᠯᠵᠠᠢ᠎᠃ ᠡᠨᠡ ᠦᠨᠳᠦᠰᠦᠨ ᠳᠡᠭᠡᠷ᠎ᠡ ᠶᠠᠫᠣᠨ ᠤ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠪᠠᠩᠬᠢᠨ ᠠᠴᠠ ᠲᠡᠮᠦᠷ ᠵᠠᠮ ᠤᠨ ᠲᠡᠭᠡᠭᠡᠪᠦᠷᠢ ᠶᠢ ᠰᠡᠷᠭᠦᠭᠡᠨ ᠰᠠᠶᠢᠵᠢᠷᠠᠭᠤᠯᠬᠤ ᠳᠤ ᠵᠣᠷᠢᠭᠤᠯᠵᠤ ᠣᠯᠭᠤᠭᠰᠠᠨ ᠬᠥᠩᠭᠡᠯᠡᠯᠲᠡ ᠲᠡᠢ ᠵᠢᠭᠡᠯᠡ ᠶᠢᠨ ᠦᠯᠡᠳᠡᠭᠳᠡᠯ ᠪᠤᠶᠤ 128.8 ᠲᠡᠷᠪᠤᠮ ᠲᠥᠭᠥᠷᠢᠭ ᠢᠶᠡᠷ  ᠨᠡᠶᠢᠭᠡᠮᠯᠢᠭ ᠦᠨ ᠬᠤᠪᠢ ᠨᠡᠶᠢᠯᠡᠭᠦᠯᠦᠭᠰᠡᠨ ᠬᠥᠷᠥᠩᠭᠡ ᠶᠢ ᠨᠡᠮᠡᠭᠳᠡᠭᠦᠯᠬᠦ ᠠᠰᠠᠭᠤᠳᠠᠯ ᠢ ᠰᠢᠢᠳᠪᠦᠷᠢᠯᠡᠭᠦᠯᠬᠦ ᠪᠡᠷ ᠲᠥᠰᠥᠯ ᠪᠣᠯᠪᠠᠰᠤᠷᠠᠭᠤᠯᠵᠠᠢ᠃

ᠰᠡᠳᠬᠢᠭᠳᠡᠯ ᠦᠯᠡᠳᠡᠭᠡᠬᠦ