ᠤᠭ᠍ᠶᠤᠲᠤᠯᠤᠭᠠᠢ ᠶᠢᠨ ᠬᠤᠪᠢᠴᠠᠭᠠᠨ ᠤ ᠬᠠᠩᠰᠢ ᠥᠰᠴᠠᠢ  | News.MN

 ᠤᠭ᠍ᠶᠤᠲᠤᠯᠤᠭᠠᠢ ᠶᠢᠨ ᠬᠤᠪᠢᠴᠠᠭᠠᠨ ᠤ ᠬᠠᠩᠰᠢ ᠥᠰᠴᠠᠢ 

ᠤᠭ᠍ᠶᠤᠲᠤᠯᠤᠭᠠᠢ ᠣᠷᠳᠣ ᠶᠢᠨ 66 ᠬᠤᠪᠢ ᠶᠢ ᠡᠵᠡᠮᠰᠢᠳᠡᠭ ᠺᠠᠨᠠᠳᠠ ᠶᠢᠨ ᠬᠥᠷᠥᠩᠭᠡ ᠶᠢᠨ ᠪᠢᠷᠵᠢ ᠳᠦ ᠪᠦᠷᠢᠳᠬᠡᠯ ᠲᠡᠢ ︽ᠲᠤᠷᠺᠤᠶᠢᠽ ᠾᠢᠯᠯ ᠷᠧᠰᠤᠶᠢᠷᠰ︾ ᠺᠣᠮᠫᠠᠨᠢ ᠶᠢᠨ ᠬᠤᠪᠢᠴᠠᠭᠠᠨ ᠤ ᠬᠠᠩᠰᠢ ᠥᠨᠥᠳᠥᠷ 6.53  ᠬᠤᠪᠢ  ᠪᠠᠷ ᠥᠰᠴᠦ᠂ 0.47 ᠳ᠋ᠣᠯᠯᠠᠷ ᠪᠣᠯᠵᠠᠢ᠃ ᠬᠠᠩᠰᠢ ᠥᠰᠦᠭᠰᠡᠨ ᠰᠢᠯᠲᠠᠭᠠᠨ ᠢ ᠥᠴᠥᠭᠡᠳᠦᠷ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠢᠶᠠᠷ ᠪᠠᠲᠤᠯᠠᠭᠰᠠᠨ ︽ᠤᠭ᠍ᠶᠤᠲᠤᠯᠤᠭᠠᠢ ᠣᠷᠳᠣ ᠶᠢᠨ  ᠠᠰᠢᠭᠯᠠᠯᠲᠠ ᠳᠤ ᠮᠣᠩᠭᠣᠯ ᠤᠯᠤᠰ ᠤᠨ ᠡᠷᠬᠡ ᠠᠰᠢᠭ ᠢ ᠬᠠᠩᠭᠠᠭᠤᠯᠬᠤ ᠲᠤᠬᠠᠢ︾ ᠤᠯᠤᠰ ᠤᠨ ᠶᠡᠬᠡ ᠬᠤᠷᠠᠯ ᠤᠨ ᠲᠣᠭᠲᠠᠭᠠᠯ ᠤᠨ ᠲᠥᠰᠥᠯ ᠲᠡᠢ ᠬᠣᠯᠪᠣᠵᠤ ᠪᠠᠶᠢᠭ᠎ᠠ ᠶᠤᠮ᠃ ᠤᠴᠢᠷ ᠨᠢ ᠡᠨᠡᠬᠦ ᠲᠣᠭᠲᠠᠭᠠᠯ ᠤᠨ ᠲᠥᠰᠥᠯ ᠢᠶᠡᠷ ᠤᠭ᠍ᠶᠤᠲᠤᠯᠤᠭᠠᠢ  ᠶᠢᠨ ᠭᠡᠷ᠎ᠡ ᠶᠢ ᠴᠤᠴᠠᠯᠬᠤ ᠲᠤᠬᠠᠢ ᠶᠠᠷᠢᠵᠤ ᠪᠠᠶᠢᠭᠰᠠᠨ ᠵᠠᠰᠠᠭ ᠤᠨ ᠭᠠᠵᠠᠷ ᠤᠨ ᠰᠢᠢᠳᠪᠦᠷᠢ ᠡᠶᠡᠷᠭᠦ ᠪᠣᠯᠵᠤ ᠪᠠᠶᠢᠭ᠎ᠠ ᠭᠡᠰᠡᠨ ᠦᠭᠡ ᠶᠤᠮ᠃
ᠬᠤᠪᠢᠴᠠᠭᠠᠨ ᠤ ᠬᠠᠩᠰᠢ ᠶᠠᠮᠠᠷᠪᠠ ᠨᠢᠭᠡᠨ ᠰᠢᠢᠳᠪᠤᠷᠢ ᠳᠤ ᠮᠡᠳᠡᠷᠡᠭ ᠪᠠᠶᠢᠳᠠᠭ᠃ ᠥᠩᠭᠡᠷᠡᠭᠰᠡᠨ ᠰᠠᠷ᠎ᠠ ᠳᠤ ᠤᠭ᠍ᠶᠤᠲᠤᠯᠤᠭᠠᠢ  ᠶᠢᠨ ᠣᠷᠳᠣ ᠶᠢᠨ ᠭᠦᠨ ᠦ ᠠᠭᠤᠷᠬᠠᠢ ᠠᠴᠠ ᠣᠯᠪᠤᠷᠢᠯᠠᠯᠲᠠ ᠶᠠᠪᠤᠭᠤᠯᠬᠤ ᠬᠤᠶᠠᠳᠠᠬᠢ ᠪᠣᠰᠤᠭ᠎ᠠ ᠠᠮᠠ ᠪᠤᠶᠤ Shaft2 ᠤᠨ ᠪᠠᠷᠢᠯᠭ᠎ᠠ ᠶᠢᠨ ᠠᠵᠢᠯ ᠳᠠᠭᠤᠰᠴᠤ᠂ ᠠᠰᠢᠭᠯᠠᠯᠲᠠ ᠳᠤ ᠣᠷᠣᠭᠤᠯᠬᠤ ᠳᠤ ᠪᠡᠯᠡᠨ ᠪᠣᠯᠤᠭᠰᠠᠨ ᠲᠤᠬᠠᠢ ᠮᠡᠳᠡᠭᠡᠯᠡᠯ ᠨᠡᠶᠢᠲᠡ ᠳᠦ ᠲᠠᠷᠠᠭᠰᠠᠨ ᠲᠠᠢ ᠬᠣᠯᠪᠣᠭᠠᠲᠠᠢ ᠪᠠᠷ ᠬᠠᠩᠰᠢ ᠨᠢ ᠥᠰᠦᠭᠰᠡᠨ ᠶᠤᠮ᠃ ᠲᠣᠳᠣᠷᠠᠭᠤᠯᠪᠠᠯ᠂ ᠬᠠᠩᠰᠢ 6.9 ᠬᠤᠪᠢ ᠪᠠᠷ ᠥᠰᠴᠦ᠂ 0.62 ᠳ᠋ᠣᠯᠯᠠᠷ ᠪᠣᠯᠤᠭᠰᠠᠨ ᠶᠤᠮ᠃ ᠮᠥᠨ ᠥᠩᠭᠡᠷᠡᠭᠰᠡᠨ ᠨᠠᠢᠮᠠᠳᠤᠭᠠᠷ ᠰᠠᠷ᠎ᠠ ᠳᠤ ︽ᠲᠤᠷᠺᠤᠶᠢᠽ ᠾᠢᠯᠯ ᠷᠧᠰᠤᠶᠢᠷᠰ︾ ᠤᠭ᠍ᠶᠤᠲᠤᠯᠤᠭᠠᠢ ᠶᠢᠨ ᠳᠠᠯᠳᠠ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠬᠣᠶᠢᠰᠢᠯᠠᠵᠤ᠂ ᠵᠠᠷᠤᠳᠠᠯ ᠨᠡᠮᠡᠭᠳᠡᠬᠦ ᠪᠣᠯᠤᠭᠰᠠᠨ ᠲᠠᠯ᠎ᠠ ᠪᠠᠷ ᠮᠡᠳᠡᠭᠡᠯᠡᠯ ᠭᠠᠷᠭᠠᠬᠤ ᠳᠤ ᠬᠣᠶᠠᠷ ᠳ᠋ᠣᠯᠯᠠᠷ ᠳᠠᠪᠠᠭᠠᠳ ᠪᠠᠶᠢᠭᠰᠠᠨ ᠬᠠᠩᠰᠢ  ᠲᠤᠷᠤᠨᠲ᠋ᠤ᠋ ᠶᠢᠨ ᠬᠥᠷᠥᠩᠭᠡ ᠶᠢᠨ ᠪᠢᠷᠵᠢ ᠳᠡᠭᠡᠷ᠎ᠡ 0.69  ᠺᠠᠨᠠᠳᠠ ᠳ᠋ᠣᠯᠯᠠᠷ᠂ ᠨᠢᠦ᠋ ᠶᠤᠷᠺ ᠤᠨ ᠬᠥᠷᠥᠩᠭᠡ ᠶᠢᠨ ᠪᠢᠷᠵᠢ ᠳᠡᠭᠡᠷ᠎ᠡ 0.53 ᠳ᠋ᠣᠯᠯᠠᠷ ᠪᠣᠯᠵᠤ ᠤᠨᠠᠭᠰᠠᠨ ᠪᠠᠶᠢᠳᠠᠭ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэргүй 2019-11-28 192.82.78.231

asdfasdfᠲᠤᠬᠠᠢ ᠮᠡᠳᠡᠭᠡᠯᠡᠯ ᠨᠡᠶᠢᠲᠡ ᠳᠦ ᠲᠠᠷᠠᠭᠰᠠᠨ ᠲᠠᠢ ᠬᠣᠯᠪᠣᠭᠠᠲᠠᠢ ᠪᠠᠷ ᠬᠠᠩᠰᠢ ᠨᠢ ᠥᠰᠦᠭᠰᠡᠨ ᠶᠤᠮ᠃ ᠲᠣᠳᠣᠷᠠᠭᠤᠯᠪᠠᠯ᠂ ᠬᠠᠩᠰᠢ 6.9 ᠬᠤᠪᠢ ᠪᠠᠷ ᠥᠰᠴᠦ᠂ 0.62 ᠳ᠋ᠣᠯᠯᠠᠷ ᠪᠣᠯᠤᠭᠰᠠᠨ ᠶᠤᠮ᠃ ᠮᠥᠨ ᠥᠩᠭᠡᠷᠡᠭᠰᠡᠨ ᠨᠠᠢᠮᠠᠳᠤᠭᠠᠷ ᠰᠠᠷ᠎ᠠ ᠳᠤ ︽ᠲᠤᠷᠺᠤᠶᠢᠽ ᠾᠢᠯᠯ ᠷᠧᠰᠤᠶᠢᠷᠰ︾ ᠤᠭ᠍ᠶᠤᠲᠤᠯᠤᠭᠠᠢ ᠶᠢᠨ ᠳᠠᠯᠳᠠ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠬᠣᠶᠢᠰᠢᠯᠠᠵᠤ᠂ ᠵᠠᠷᠤᠳᠠᠯ ᠨᠡᠮᠡᠭᠳᠡᠬᠦ ᠪᠣᠯᠤᠭᠰᠠᠨ ᠲᠠᠯ᠎ᠠ ᠪᠠᠷ ᠮᠡᠳᠡᠭᠡᠯᠡᠯ ᠭᠠᠷᠭᠠᠬᠤ ᠳᠤ ᠬᠣᠶᠠᠷ ᠳ᠋ᠣᠯᠯᠠᠷ ᠳ