ᠣᠷᠣᠰ ᠲᠠᠢ ᠡᠷᠴᠢᠮ ᠬᠦᠴᠦᠨ ᠦ ᠰᠠᠯᠪᠤᠷᠢ ᠳᠤ ᠬᠠᠮᠲᠤᠷᠠᠨ ᠠᠵᠢᠯᠯᠠᠨ᠎ᠠ  | News.MN

ᠣᠷᠣᠰ ᠲᠠᠢ ᠡᠷᠴᠢᠮ ᠬᠦᠴᠦᠨ ᠦ ᠰᠠᠯᠪᠤᠷᠢ ᠳᠤ ᠬᠠᠮᠲᠤᠷᠠᠨ ᠠᠵᠢᠯᠯᠠᠨ᠎ᠠ 

ᠣᠷᠣᠰ ᠤᠨ ᠬᠣᠯᠪᠣᠭᠠᠨ ᠤ ᠤᠯᠤᠰ ᠪᠣᠯᠤᠨ ᠮᠣᠩᠭᠣᠯ ᠤᠯᠤᠰ ᠡᠷᠴᠢᠮ ᠬᠦᠴᠦᠨ ᠦ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠭᠡᠷ᠎ᠡ ᠪᠠᠶᠢᠭᠤᠯᠤᠯ᠎ᠠ᠃ ᠭᠡᠷ᠎ᠡ ᠳᠦ ᠭᠠᠷ ᠤᠨ ᠦᠰᠦᠭ ᠵᠢᠷᠤᠬᠤ ᠶᠣᠰᠣᠯᠠᠯ ᠬᠣᠶᠠᠷ ᠤᠯᠤᠰ ᠤᠨ ᠵᠠᠰᠠᠭ ᠤᠨ ᠭᠠᠵᠠᠷ ᠤᠨ ᠲᠡᠷᠢᠭᠦᠨ ᠨᠠᠷ ᠤᠨ ᠬᠣᠭᠣᠷᠣᠨᠳᠣ ᠬᠢᠭᠰᠡᠨ ᠬᠡᠯᠡᠯᠴᠡᠭᠡᠨ ᠦ ᠳᠠᠷᠠᠭ᠎ᠠ ᠪᠣᠯᠵᠠᠢ᠃ ᠲᠡᠭᠦᠨᠴᠢᠯᠡᠨ ᠣᠷᠣᠰ ᠤᠨ ᠲᠡᠭᠡᠭᠡᠪᠦᠷᠢ ᠶᠢᠨ ᠶᠠᠮᠤᠨ᠂ ᠮᠣᠩᠭᠣᠯ ᠤᠯᠤᠰ ᠤᠨ ᠵᠠᠮ ᠲᠡᠭᠡᠭᠡᠪᠦᠷᠢ ᠶᠢᠨ ᠬᠥᠭᠵᠢᠯ ᠦᠨ ᠶᠠᠮᠤᠨ ᠤ ᠬᠣᠭᠣᠷᠣᠨᠳᠣ ᠮᠣᠩᠭᠣᠯ ᠤᠨ ᠢᠷᠭᠡᠳ ᠢ ᠲᠡᠮᠦᠷ ᠵᠠᠮ ᠤᠨ ᠮᠡᠷᠭᠡᠵᠢᠯ ᠢᠶᠡᠷ ᠰᠤᠷᠭᠠᠬᠤ ᠬᠡᠯᠡᠯᠴᠡᠭᠡᠷ ᠪᠠᠶᠢᠭᠤᠯᠤᠭᠰᠠᠨ ᠪᠠᠶᠢᠨ᠎ᠠ᠃ ᠮᠥᠨ ᠣᠷᠣᠰ ᠤᠨ ᠦᠢᠯᠡᠳᠪᠦᠷᠢ ᠬᠤᠳᠠᠯᠳᠤᠭᠠᠨ ᠤ ᠶᠠᠮᠤᠨ ᠂ ᠮᠣᠩᠭᠣᠯ ᠤᠯᠤᠰ ᠤᠨ ᠬᠦᠨᠡᠰᠦ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠶᠠᠮᠤ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠯ᠎ᠠ᠃
︽ᠣᠷᠣᠰ ᠤᠨ ᠡᠺᠰᠫᠣᠷᠲ ᠤᠨ ᠲᠥᠪ︾᠂ ᠮᠣᠩᠭᠣᠯ ᠤᠨ ᠬᠤᠳᠠᠯᠳᠤᠭ᠎ᠠ ᠬᠥᠭᠵᠢᠯ ᠦᠨ ᠪᠠᠩᠬᠢ ᠬᠣᠭᠣᠷᠣᠨᠳᠣ ᠣᠷᠣᠰ ᠮᠣᠩᠭᠣᠯ ᠤᠨ ᠬᠤᠳᠠᠯᠳᠤᠭ᠎ᠠ ᠶᠢ ᠳᠡᠮᠵᠢᠬᠦ ᠴᠢᠭᠯᠡᠯ ᠢᠶᠡᠷ ᠭᠡᠷ᠎ᠡ ᠪᠠᠶᠢᠭᠤᠯᠤᠭᠰᠠᠨ ᠪᠣᠯ ᠂ ︽ᠵᠠᠷᠤᠪᠧᠵᠭᠧᠣᠯᠣᠭᠢᠶ᠎ᠠ︾ ᠬᠤᠪᠢᠴᠠᠭᠠᠲᠤ ᠨᠡᠶᠢᠭᠡᠮᠯᠢᠭ ᠪᠣᠯᠤᠨ ︽ᠡᠷᠳᠡᠨᠢᠲᠦ ᠦᠢᠯᠡᠳᠪᠦᠷᠢ︾ ᠭᠧᠣᠯᠣᠭᠢ ᠭᠧᠣᠹᠢᠽᠢᠺ᠂ ᠢᠨᠵᠧᠨᠧᠷ ᠭᠧᠣᠯᠣᠭᠢ ᠶᠢᠨ ᠰᠤᠳᠤᠯᠭᠠᠨ ᠤ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠪᠣᠯᠵᠤ ᠪᠠᠶᠢᠨ᠎ᠠ ᠃  ︽ᠣᠷᠣᠰ ᠤᠨ ᠠᠷᠠᠰᠤ ᠰᠢᠷᠢ︾  ᠺᠤᠮᠫᠠᠨᠢ ᠮᠣᠩᠭᠣᠯ ᠤᠨ ︽ᠬᠥᠳᠡᠭᠡ ᠠᠵᠤ ᠠᠬᠤᠢ ᠶᠢᠨ ᠪᠢᠷᠵᠢ︾ ᠲᠠᠢ ᠠᠷᠠᠰᠤ ᠰᠢᠷᠢᠨ ᠲᠦᠭᠦᠬᠡᠢ ᠡᠳ᠋  ᠢ ᠬᠤᠳᠠᠯᠳᠤᠬᠤ᠂ ᠨᠡᠶᠢᠯᠡᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠵᠠᠢ᠃

ᠰᠡᠳᠬᠢᠭᠳᠡᠯ ᠦᠯᠡᠳᠡᠭᠡᠬᠦ