ᠬ∙ᠪᠠᠲᠤᠲᠤᠯᠭ᠎ᠠ ︽ᠳ᠋ᠢᠵᠢᠲ᠋ᠠᠯ ᠮᠣᠩᠭᠣᠯ ᠤᠯᠤᠰ︾ ᠬᠤᠷᠠᠯ ᠳᠤ ᠤᠷᠤᠯᠴᠠᠯ᠎ᠠ | News.MN

ᠬ∙ᠪᠠᠲᠤᠲᠤᠯᠭ᠎ᠠ ︽ᠳ᠋ᠢᠵᠢᠲ᠋ᠠᠯ ᠮᠣᠩᠭᠣᠯ ᠤᠯᠤᠰ︾ ᠬᠤᠷᠠᠯ ᠳᠤ ᠤᠷᠤᠯᠴᠠᠯ᠎ᠠ

ᠵᠠᠰᠠᠭ ᠤᠨ ᠭᠠᠵᠠᠷ ᠠᠴᠠ ᠲᠥᠷᠥ ᠶᠢᠨ ᠦᠢᠯᠡᠴᠢᠯᠡᠭᠡ ᠶᠢ ᠴᠠᠬᠢᠮᠵᠢᠭᠤᠯᠬᠤ ᠠᠵᠢᠯ ᠢ ᠡᠷᠴᠢᠮᠵᠢᠭᠦᠯᠦᠭᠰᠡᠨ ᠲᠡᠢ ᠬᠣᠯᠪᠣᠭᠳᠠᠭᠤᠯᠵᠤ ᠡᠰᠲ᠋ᠣᠨᠢ ᠤᠯᠤᠰ ᠤᠨ ᠬᠣᠯᠪᠣᠭᠳᠠᠬᠤ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠵᠣᠬᠢᠶᠠᠨ ᠪᠠᠶᠢᠭᠤᠯᠵᠤ ᠪᠤᠢ ︽ᠳ᠋ᠢᠵᠢᠲ᠋ᠠᠯ ᠮᠣᠩᠭᠣᠯ ᠤᠯᠤᠰ︾ ᠹᠣᠷᠣᠮ ᠭᠠᠳᠠᠭᠠᠳᠤ ᠬᠠᠷᠢᠯᠴᠠᠭᠠᠨ ᠤ ᠶᠠᠮᠤᠨ ᠳᠤ ᠡᠬᠢᠯᠡᠪᠡ᠃ ᠡᠨᠡ ᠹᠣᠷᠣᠮ ᠢᠶᠠᠷ ᠥᠨᠥ ᠴᠠᠭ ᠦᠶ᠎ᠡ ᠶᠢᠨ ᠣᠨᠴᠠᠯᠠᠬᠤ ᠰᠡᠳᠦᠪ ᠪᠣᠯᠬᠤ ᠳ᠋ᠢᠵᠢᠲ᠋ᠠᠯ ᠡᠷᠢᠨ᠂ ᠬᠤᠪᠢᠰᠤᠯ ᠳᠤ ᠮᠣᠩᠭᠣᠯ ᠤᠯᠤᠰ ᠬᠡᠷᠬᠢᠨ ᠤᠷᠤᠯᠴᠠᠬᠤ᠂ ᠲᠤᠯᠭᠠᠮᠳᠠᠵᠤ ᠪᠤᠢ ᠠᠰᠠᠭᠤᠳᠠᠯ᠂ ᠲᠡᠭᠦᠨ ᠦ ᠭᠠᠷᠴᠠ ᠰᠢᠢᠳᠦᠯ ᠪᠣᠯᠤᠭᠠᠳ ᠴᠢᠨᠠᠭᠰᠢᠳᠠ ᠶᠢᠨ ᠬᠥᠭᠵᠢᠯ ᠦᠨ ᠴᠢᠭ ᠬᠠᠨᠳᠤᠯᠭ᠎ᠠ ᠶᠢᠨ ᠲᠠᠯ᠎ᠠ ᠪᠠᠷ ᠬᠡᠯᠡᠯᠴᠡᠬᠦ ᠶᠤᠮ᠃

ᠶᠡᠷᠦᠩᠬᠡᠶᠢᠯᠡᠭᠴᠢ ᠬ∙ᠪᠠᠲᠤᠲᠤᠯᠭ᠎ᠠ ᠲᠤᠰ ᠬᠤᠷᠠᠯ ᠢ ᠨᠡᠭᠡᠭᠡᠵᠦ ᠦᠭᠡ ᠬᠡᠯᠡᠪᠡ᠃ ᠲᠡᠷᠡ ᠪᠡᠷ ᠢᠯᠡᠳᠬᠡᠯ ᠳᠦ ᠪᠡᠨ᠄ ᠳᠡᠯᠡᠬᠡᠢ ᠶᠢᠨ ᠦᠷᠢᠰᠦᠯᠳᠦᠬᠦ ᠴᠢᠳᠠᠪᠤᠷᠢ ᠶᠢᠨ ᠲᠥᠪ ᠡᠴᠡ ᠡᠷᠬᠢᠯᠡᠨ ︽ᠳᠡᠯᠡᠬᠡᠢ ᠶᠢᠨ  ᠳ᠋ᠢᠵᠢᠲ᠋ᠠᠯ ᠥᠷᠢᠰᠥᠯᠳᠥᠬᠦ ᠴᠢᠳᠠᠪᠤᠷᠢ ᠶᠢᠨ ᠲᠠᠶᠢᠯᠤᠨ︾ ᠢ ᠭᠠᠷᠭᠠᠭᠰᠠᠨ ᠪᠠᠶᠢᠨ᠎ᠠ᠃ ᠡᠭᠦᠨ ᠳᠦ ᠳᠡᠯᠡᠬᠡᠢ ᠶᠢᠨ 63 ᠤᠯᠤᠰ ᠢ 51 ᠦᠵᠡᠭᠦᠯᠦᠯᠲᠡ ᠪᠡᠷ ᠲᠣᠳᠣᠷᠬᠠᠶᠢᠯᠠᠬᠤ ᠳᠤ ᠮᠠᠨ ᠤ ᠤᠯᠤᠰ ᠰᠡᠭᠦᠯ ᠡᠴᠡ ᠪᠡᠨ ᠬᠣᠶᠠᠳᠤᠭᠠᠷ ᠪᠠᠶᠢᠷᠢ ᠳᠤ ᠪᠤᠶᠤ 62 ᠲᠦ ᠡᠷᠡᠮᠪᠡᠯᠡᠭᠳᠡᠵᠡᠢ᠃ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ 22 ᠲᠦ ᠵᠢᠭᠰᠠᠭᠰᠠᠨ ᠪᠠᠶᠢᠨ᠎ᠠ᠃ 2019 ᠣᠨ ᠤ ᠨᠠᠢᠮᠠᠳᠤᠭᠠᠷ ᠰᠠᠷ᠎ᠠ ᠶᠢᠨ ᠪᠠᠶᠢᠳᠠᠯ ᠢᠶᠠᠷ ᠮᠠᠨ ᠤ ᠤᠯᠤᠰ ᠤᠨ ᠤᠬᠠᠭᠠᠯᠢᠭ ᠤᠲᠠᠰᠤ ᠬᠡᠷᠡᠭᠯᠡᠭᠴᠢᠳ ᠦᠨ ᠲᠣᠭ᠎ᠠ ᠭᠤᠷᠪᠠᠨ ᠰᠠᠶ᠎ᠠ 400 ᠮᠢᠩᠭ᠎ᠠ ᠳᠤ ᠬᠦᠷᠦᠭᠰᠡᠨ ᠪᠤᠶᠤ ᠬᠦᠮᠦᠨ ᠠᠮᠠ ᠠᠴᠠ ᠪᠠᠨ ᠳᠠᠪᠠᠭᠰᠠᠨ ᠦᠵᠡᠭᠦᠯᠦᠯᠲᠡ ᠲᠡᠢ ᠪᠠᠶᠢᠨ᠎ᠠ᠃ ᠮᠣᠩᠭᠣᠯ ᠤᠯᠤᠰ ᠪᠢᠽᠢᠨᠧᠰ᠂ ᠬᠦᠮᠦᠰ ᠦᠨ ᠠᠮᠢᠳᠤᠷᠠᠯ᠂ ᠪᠣᠯᠪᠠᠰᠤᠷᠠᠯ ᠤᠨ ᠰᠠᠯᠪᠤᠷᠢ᠂ ᠬᠤᠳᠠᠯᠳᠤᠭ᠎ᠠ ᠦᠢᠯᠡᠴᠢᠯᠡᠭᠡᠨ ᠳᠦ ᠪᠡᠨ ᠮᠡᠳᠡᠭᠡᠯᠡᠯ ᠦᠨ ᠲᠧᠭᠨᠣᠯᠣᠭᠢ ᠶᠢ ᠠᠰᠢᠭᠯᠠᠬᠤ ᠰᠠᠭᠤᠷᠢ ᠨᠥᠬᠥᠴᠡᠯ ᠪᠦᠷᠢᠳᠦᠭᠰᠡᠨ᠃ ᠬᠢᠮᠡᠯ ᠣᠶᠤᠨ ᠤᠬᠠᠭᠠᠨ ᠤ ᠲᠤᠰᠠᠯᠠᠮᠵᠢ ᠲᠠᠢ ᠪᠠᠷ ᠡᠪᠡᠳᠴᠢᠲᠡᠨ ᠦ ᠣᠨᠣᠰᠢ ᠶᠢ ᠵᠥᠪ ᠲᠣᠭᠲᠠᠭᠠᠬᠤ ᠪᠣᠯᠤᠮᠵᠢ ᠪᠤᠢ᠃
ᠮᠣᠩᠭᠣᠯ ᠤᠯᠤᠰ ᠤᠨ ᠵᠠᠰᠠᠭ ᠤᠨ ᠭᠠᠵᠠᠷ᠂ ᠣᠺᠰᠹᠣᠷᠳ᠋  ᠤᠨ ᠶᠡᠬᠡ ᠰᠤᠷᠭᠠᠭᠤᠯᠢ ᠲᠠᠢ ᠬᠠᠮᠲᠤᠷᠠᠨ ᠬᠢᠭᠰᠡᠨ  ︽ᠴᠠᠬᠢᠮ ᠡᠷᠡᠨ ᠦᠶ᠎ᠡ ᠳ᠋ᠡᠬᠢ ᠮᠣᠩᠭᠣᠯ ᠤᠯᠤᠰ︾ ᠰᠤᠳᠤᠯᠭᠠᠨ ᠤ ᠦᠷ᠎ᠡ ᠳ᠋ᠦᠩ ᠡᠴᠡ ᠬᠠᠷᠠᠬᠤ ᠳᠤ ᠮᠡᠳᠡᠭᠡᠯᠡᠯ ᠦᠨ ᠲᠧᠭᠨᠣᠯᠣᠭᠢ ᠶᠢ ᠪᠦᠬᠦ ᠰᠠᠯᠪᠤᠷᠢ ᠳᠤ ᠠᠰᠢᠭᠯᠠᠭᠰᠠᠨ ᠢᠶᠠᠷ ᠬᠥᠭᠵᠢᠯ ᠢ ᠡᠷᠡᠰ ᠬᠤᠷᠳᠤᠰᠬᠠᠬᠤ ᠪᠣᠯᠤᠮᠵᠢ ᠪᠠᠶᠢᠨ᠎ᠠ᠃  ᠳ᠋ᠢᠵᠢᠲ᠋ᠠᠯ ᠮᠣᠩᠭᠣᠯ ᠤᠯᠤᠰ ᠪᠣᠯᠬᠤ ᠶᠢᠨ ᠲᠤᠯᠠᠳᠠ ᠲᠥᠷᠥ ᠭᠠᠭᠴᠠᠭᠠᠷ ᠪᠤᠰᠤ ᠬᠤᠪᠢ ᠶᠢᠨ ᠬᠡᠪᠰᠢᠯ᠂ ᠶᠡᠬᠡ᠂ ᠳᠡᠭᠡᠳᠦ ᠰᠤᠷᠭᠠᠭᠤᠯᠢ᠂ ᠰᠤᠳᠤᠯᠭ᠎ᠠ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠣᠷᠣᠯᠴᠠᠭ᠎ᠠ ᠨᠡᠩ ᠴᠢᠬᠤᠯᠠ ᠪᠠᠶᠢᠨ᠎ᠠ᠃ ᠮᠡᠳᠡᠭᠡᠯᠡᠯ ᠦᠨ ᠲᠧᠭᠨᠣᠯᠣᠭᠢ ᠶᠢ ᠪᠢᠳᠡ ᠨᠡᠶᠢᠭᠡᠮ ᠤᠨ ᠰᠦᠯᠵᠢᠶᠡᠨ ᠡᠴᠡ ᠥᠭᠡᠷ᠎ᠡ ᠪᠡᠷ ᠠᠰᠢᠭᠯᠠᠵᠤ ᠴᠢᠳᠠᠬᠤ ᠦᠭᠡᠢ ᠪᠠᠶᠢᠨ᠎ᠠ᠃ ᠮᠡᠳᠡᠯᠭᠡ ᠳᠦ ᠰᠠᠭᠤᠷᠢᠯᠠᠭᠰᠠᠨ ᠥᠨᠳᠥᠷ ᠲᠧᠭᠨᠣᠯᠣᠭᠢ ᠶᠢ ᠰᠢᠭᠤᠷᠬᠠᠢ ᠠᠰᠢᠭᠯᠠᠬᠤ ᠵᠠᠬ᠎ᠠ ᠵᠡᠭᠡᠯᠢ ᠪᠤᠢ ᠪᠣᠯᠭᠠᠬᠤ ᠨᠢ ᠴᠢᠬᠤᠯᠠ ᠭᠡᠰᠡᠨ ᠶᠤᠮ ᠃

ᠰᠡᠳᠬᠢᠭᠳᠡᠯ ᠦᠯᠡᠳᠡᠭᠡᠬᠦ