ᠰ∙ᠲᠡᠮᠦᠷᠪᠠᠲᠤ ᠶᠢ ᠠᠮᠧᠷᠢᠺᠠ ᠡᠴᠡ ᠮᠣᠩᠭᠣᠯ ᠳᠤ ᠠᠪᠴᠢᠷᠠᠨ᠎ᠠ  | News.MN

ᠰ∙ᠲᠡᠮᠦᠷᠪᠠᠲᠤ ᠶᠢ ᠠᠮᠧᠷᠢᠺᠠ ᠡᠴᠡ ᠮᠣᠩᠭᠣᠯ ᠳᠤ ᠠᠪᠴᠢᠷᠠᠨ᠎ᠠ 

ᠠᠮᠧᠷᠢᠺᠠ ᠶᠢᠨ ᠬᠢᠯᠢ ᠳᠡᠭᠡᠷ᠎ᠡ ᠶᠡᠬᠡ ᠬᠡᠮᠵᠢᠶᠡᠨ ᠦ ᠳ᠋ᠣᠯᠯᠠᠷ ᠲᠠᠢ ᠰᠠᠭᠠᠳᠠᠭᠤᠯᠤᠭᠳᠠᠭᠰᠠᠨ᠂ ᠨᠡᠶᠢᠰᠯᠡᠯ ᠦᠨ ᠵᠠᠬᠢᠷᠭᠠᠨ ᠤ ᠬᠡᠷᠡᠭ ᠦᠨ ᠠᠩᠬᠠᠨ ᠱᠠᠲᠤᠨ ᠤ ᠰᠢᠭᠦᠬᠦ ᠶᠢᠨ ᠰᠢᠭᠦᠭᠴᠢ ᠠᠰᠠᠨ ᠰ∙ᠲᠡᠮᠦᠷᠪᠠᠲᠤ ᠶᠢ ᠠᠪᠯᠢᠭ᠎ᠠ ᠲᠠᠢ ᠭᠠᠵᠠᠷ ᠤᠨ ᠬᠢᠨ ᠰᠢᠯᠵᠢᠭᠦᠯᠦᠨ ᠠᠪᠬᠤ ᠪᠠᠷ ᠠᠵᠢᠯᠯᠠᠵᠤ ᠪᠠᠶᠢᠭ᠎ᠠ ᠶᠤᠮ᠃ 2019 ᠣᠨ ᠤ ᠶᠢᠰᠦᠳᠦᠭᠡᠷ ᠰᠠᠷ᠎ᠠ ᠶᠢᠨ 11 ᠦ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠡᠷᠡᠭᠦᠦ ᠶᠢᠨ ᠶᠠᠯ᠎ᠠ ᠰᠢᠢᠳᠭᠡᠯ ᠢ ᠭᠠᠳᠠᠭᠠᠳᠤ ᠤᠯᠤᠰ ᠲᠤ ᠡᠳ᠋ᠯᠡᠭᠦᠯᠬᠦ ᠲᠤᠬᠠᠢ ᠠᠮᠧᠷᠢᠺᠠ ᠶᠢᠨ ᠤᠯᠤᠰ ᠤᠳ ᠬᠣᠭᠣᠷᠣᠨᠳᠣ ᠶᠢᠨ ᠺᠣᠨᠸᠧᠨᠼ ᠢ ᠰᠣᠶᠣᠷᠬᠠᠨ ᠪᠠᠲᠤᠯᠠᠬᠤ ᠲᠤᠬᠠᠢ ᠬᠠᠤᠯᠢ ᠶᠢᠨ ᠲᠥᠰᠥᠯ ᠢ ᠳᠡᠮᠵᠢᠵᠦ᠂ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠵᠦ᠂ ᠬᠡᠯᠡᠯᠴᠡᠭᠦᠯᠬᠦ ᠪᠡᠷ ᠲᠣᠭᠲᠠᠭᠰᠠᠨ᠃ ᠡᠨᠡ ᠺᠣᠨᠸᠧᠨᠼ ᠲᠤ ᠨᠢᠭᠡᠳᠦᠭᠰᠡᠨ ᠢᠶᠡᠷ ᠲᠤᠰ ᠪᠠᠶᠢᠭᠤᠯᠤᠯᠭ᠎ᠠ ᠶᠢᠨ ᠭᠡᠰᠢᠭᠦᠨ ᠪᠣᠯᠤᠨ ᠭᠡᠰᠢᠭᠦᠨ ᠪᠤᠰᠤ ᠠᠮᠧᠷᠢᠺᠠ ᠂ ᠺᠠᠨᠠᠳᠠ᠂ ᠪᠷᠠᠽᠢᠯ᠂ ᠮᠸᠺᠰᠢᠺᠦ ᠵᠡᠷᠭᠡ ᠨᠡᠶᠢᠲᠡ 21 ᠤᠯᠤᠰ ᠲᠠᠢ ᠺᠣᠨᠸᠧᠨᠼ ᠲᠤ ᠲᠤᠰᠬᠠᠭᠳᠠᠭᠰᠠᠨ ᠬᠠᠷᠢᠯᠴᠠᠭ᠎ᠠ ᠶᠢ ᠡᠭᠦᠰᠭᠡᠬᠦ ᠪᠣᠯᠤᠮᠵᠢ ᠪᠥᠷᠢᠳᠬᠦ ᠶᠤᠮ᠃
ᠡᠬᠢ ᠰᠤᠷᠪᠤᠯᠵᠢ ᠶᠢᠨ ᠮᠡᠳᠡᠭᠡᠯᠡᠭᠰᠡᠨ ᠢᠶᠡᠷ᠂ ᠰ ∙ᠲᠡᠮᠦᠷᠪᠠᠲᠤ ᠶᠢ ᠠᠮᠧᠷᠢᠺᠠ ᠠᠴᠠ ᠰᠢᠯᠵᠢᠭᠦᠯᠬᠦ ᠳᠦ ᠪᠡᠨ ᠭᠤᠷᠪᠠᠳᠠᠭᠴᠢ ᠤᠯᠤᠰ ᠢᠶᠠᠷ ᠳᠠᠮᠵᠢᠨ ᠥᠩᠭᠡᠷᠡᠭᠦᠯᠬᠦ ᠡᠰᠡᠬᠦ ᠶᠢ ᠰᠤᠳᠤᠯᠬᠤ ᠵᠡᠷᠭᠡ ᠴᠠᠭ ᠬᠤᠭᠤᠴᠠᠭ᠎ᠠ ᠣᠷᠣᠭᠰᠠᠨ ᠠᠵᠢᠯ ᠤᠳ ᠱᠠᠲᠤ ᠳᠠᠷᠠᠭ᠎ᠠ ᠲᠠᠢ ᠶᠠᠪᠤᠭᠳᠠᠵᠤ᠂ ᠳᠠᠭᠤᠰᠬᠤ ᠱᠠᠲᠤᠨ ᠳᠤ ᠪᠠᠨ ᠣᠷᠣᠵᠠᠢ᠃

ᠰᠡᠳᠬᠢᠭᠳᠡᠯ ᠦᠯᠡᠳᠡᠭᠡᠬᠦ