ᠤᠳᠤᠮ ᠰᠤᠳᠤᠷ ᠤᠨ ᠲᠤᠬᠠᠢ ᠮᠡᠳᠡᠯᠭᠡ ᠳᠡᠯᠭᠡᠷᠡᠭᠦᠯᠵᠤ ᠪᠠᠶᠢᠨ᠎ᠠ | News.MN

 ᠤᠳᠤᠮ ᠰᠤᠳᠤᠷ ᠤᠨ ᠲᠤᠬᠠᠢ ᠮᠡᠳᠡᠯᠭᠡ ᠳᠡᠯᠭᠡᠷᠡᠭᠦᠯᠵᠤ ᠪᠠᠶᠢᠨ᠎ᠠ

ᠳᠤᠮᠳᠠᠭᠤᠪᠢ ᠠᠶᠢᠮᠠᠭ ᠤᠨ ᠂ ᠮᠦᠽᠧᠢ᠂ ᠰᠠᠶᠢᠨᠴᠠᠭᠠᠨ ᠰᠤᠮᠤ ᠶᠢᠨ  ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠠᠴᠠ ᠬᠠᠮᠲᠤᠷᠠᠨ ︽ᠤᠳᠤᠮ ᠰᠤᠳᠤᠷ ᠢᠶᠠᠨ ᠮᠡᠳᠡᠵᠦ᠂ ᠤᠭ ᠤᠨ ᠪᠢᠴᠢᠭ ᠢᠶᠡᠨ ᠬᠦᠲᠦᠯᠵᠡᠭᠡᠶ᠎ᠡ︾ ᠠᠶᠠᠨ ᠢ ᠡᠨᠡ ᠣᠨ ᠤ 11 ᠳ᠋ᠤᠭᠡᠷ ᠰᠠᠷ᠎ᠠ ᠶᠢᠨ 18 ᠠᠴᠠ 2020 ᠣᠨ ᠤ ᠨᠢᠭᠡᠳᠦᠭᠡᠷ ᠰᠠᠷ᠎ᠠ ᠶᠢᠨ 28 ᠬᠦᠷᠲᠡᠯ᠎ᠡ ᠵᠠᠷᠯᠠᠭᠠᠳ ᠪᠠᠶᠢᠨ᠎ᠠ᠃
ᠮᠣᠩᠭᠣᠯ ᠤᠨ ᠤᠯᠠᠮᠵᠢᠯᠠᠯᠲᠤ᠂ ᠰᠤᠶᠤᠯ ᠤᠨ ᠪᠡᠶᠡᠲᠦ ᠪᠤᠰᠤ ᠥᠪ ᠦᠨ ᠨᠢᠭᠡ ᠬᠡᠯᠪᠡᠷᠢ ᠪᠣᠯᠬᠤ ᠤᠭ ᠤᠨ ᠪᠢᠴᠢᠭ ᠬᠥᠲᠦᠯᠦᠯᠲᠡ ᠶᠢ ᠥᠪᠯᠡᠭᠦᠯᠬᠦ᠂ ᠲᠦᠭᠡᠭᠡᠨ ᠳᠡᠯᠭᠡᠷᠡᠭᠦᠯᠬᠦ᠂ ᠡᠷᠬᠢᠮᠯᠡᠨ ᠳᠡᠭᠡᠳᠦᠯᠡᠬᠦ ᠬᠦᠰᠡᠯ᠂ ᠡᠷᠮᠡᠯᠵᠡᠯᠡᠯ ᠢ ᠪᠤᠢ ᠪᠣᠯᠭᠠᠬᠤ ᠵᠣᠷᠢᠯᠭ᠎ᠠ ᠪᠠᠷ ᠪᠠᠶᠢᠭᠤᠯᠤᠯᠭ᠎ᠠ ᠨᠤᠭᠤᠳ᠂ ᠰᠠᠶᠢᠨᠴᠠᠭᠠᠨ ᠰᠤᠮᠤ ᠶᠢᠨ ᠶᠢᠰᠦᠨ ᠪᠠᠭ ᠤᠨ ᠳᠤᠮᠳᠠ ᠤᠷᠤᠯᠳᠤᠭᠠᠨ ᠵᠠᠷᠯᠠᠵᠤ᠂  ᠡᠶᠢᠨ ᠬᠦ ᠢᠳᠡᠪᠬᠢᠵᠢᠭᠦᠯᠵᠦ ᠪᠠᠶᠢᠭ᠎ᠠ ᠶᠤᠮ᠃ ᠥᠨᠥᠳᠥᠷ ᠮᠣᠩᠭᠣᠯ ᠤᠯᠤᠰ ᠤᠨ ᠢᠷᠭᠡᠨ᠂ ᠡᠷᠦᠬᠡ ᠪᠦᠷᠢ ᠶᠢᠨ ᠵᠠᠶᠢᠯᠠᠰᠢ ᠦᠭᠡᠢ ᠠᠩᠬᠠᠷᠴᠤ ᠶᠠᠪᠤᠬᠤ ᠶᠣᠰᠣᠲᠠᠢ ᠵᠦᠢᠯ ᠪᠣᠯ ᠤᠭ ᠤᠨ ᠪᠢᠴᠢᠭ᠂ ᠤᠳᠤᠮ ᠤᠨ ᠲᠡᠦᠬᠡ᠃ ᠮᠣᠩᠭᠣᠯᠴᠤᠳ ᠡᠷᠲᠡ ᠳᠡᠭᠡᠷ᠎ᠡ ᠦᠶ᠎ᠡ ᠡᠴᠡ ᠤᠷᠤᠭ ᠤᠨ ᠪᠢᠴᠢᠭ ᠢ  ᠬᠦᠲᠦᠯᠵᠦ ᠂ ᠲᠡᠭᠦᠪᠡᠷ ᠢᠶᠡᠨ ᠳᠠᠮᠵᠢᠭᠤᠯᠵᠤ ᠤᠳᠤᠮ ᠤᠭᠰᠠᠭ᠎ᠠ  ᠪᠠᠨ ᠲᠠᠨᠢᠵᠤ ᠮᠡᠳᠡᠬᠦ᠂ ᠤᠳᠤᠮ ᠤᠨ ᠲᠡᠦᠬᠡ ᠪᠡᠷ ᠢᠶᠡᠨ ᠪᠠᠬᠠᠷᠬᠠᠬᠤ ᠂ ᠲᠡᠭᠦᠨ ᠢᠶᠠᠨ ᠤᠳᠤᠮ ᠳᠠᠮᠵᠢᠨ ᠥᠪᠯᠡᠭᠦᠯᠳᠡᠭ ᠪᠠᠶᠢᠭᠰᠠᠨ᠃ ᠬᠠᠷᠢᠨ ᠡᠨᠡ ᠤᠯᠠᠮᠵᠢᠯᠠᠯ ᠮᠠᠷᠲᠠᠭᠳᠠᠭᠠᠳ ᠳᠠᠬᠢᠨ ᠰᠡᠷᠭᠦᠵᠦ ᠪᠠᠶᠢᠭ᠎ᠠ ᠤᠴᠢᠷ ᠠᠴᠠ ᠮᠣᠩᠭᠣᠯ ᠬᠦᠮᠦᠨ ᠪᠦᠷᠢ ᠳᠦ ᠣᠶᠢᠯᠠᠭᠠᠭᠤᠯᠤᠨ ᠲᠠᠨᠢᠭᠤᠯᠬᠤ ᠵᠠᠶᠢᠯᠠᠰᠢ ᠦᠭᠡᠢ ᠬᠡᠷᠡᠭᠴᠡᠭᠡᠲᠡᠢ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ