︽ᠬᠥᠬᠡ ᠲᠩᠷᠢ ᠶᠢᠨ ᠣᠷᠣᠨ︾ ᠦᠵᠡᠰᠬᠦᠯᠡᠩ ᠪᠡᠭᠡᠵᠢᠩ ᠳᠤ ᠪᠤᠯᠵᠤ  ᠪᠠᠶᠢᠨ᠎ᠠ | News.MN

 ︽ᠬᠥᠬᠡ ᠲᠩᠷᠢ ᠶᠢᠨ ᠣᠷᠣᠨ︾ ᠦᠵᠡᠰᠬᠦᠯᠡᠩ ᠪᠡᠭᠡᠵᠢᠩ ᠳᠤ ᠪᠤᠯᠵᠤ  ᠪᠠᠶᠢᠨ᠎ᠠ

ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠶᠢᠨ ᠬᠦᠷᠢᠶᠡᠨ ᠳᠦ ᠵᠣᠬᠢᠶᠠᠨ ᠪᠠᠶᠢᠭᠤᠯᠵᠤ ᠪᠤᠢ ᠮᠣᠩᠭᠣᠯ ᠤᠨ ᠰᠤᠶᠤᠯ ᠤᠨ ᠡᠳᠦᠷ ᠦᠳ ᠦᠨ ᠴᠤᠪᠤᠷᠠᠯ ᠠᠷᠭ᠎ᠠ ᠬᠡᠮᠵᠢᠶᠡᠨ ᠦ ᠨᠢᠭᠡ ᠪᠣᠯᠬᠤ ︽ᠬᠥᠬᠡ ᠲᠩᠷᠢ ᠶᠢᠨ ᠣᠷᠣᠨ︾ ᠭᠡᠷᠡᠯ ᠵᠢᠷᠤᠭ ᠤᠨ ᠦᠵᠡᠰᠬᠦᠯᠡᠩ ᠪᠡᠭᠡᠵᠢᠩ ᠬᠤᠲᠠ ᠳᠤ ᠨᠡᠭᠡᠭᠡᠭᠳᠡᠯ᠎ᠡ᠃ ᠣᠩᠭᠣᠨ ᠳᠠᠭᠰᠢᠨ ᠪᠠᠶᠢᠭᠠᠯᠢ ᠲᠠᠢ ᠪᠠᠨ ᠬᠠᠷᠢᠯᠴᠠᠨ ᠰᠢᠲᠦᠯᠴᠡᠭᠡ ᠲᠡᠢ ᠣᠷᠣᠰᠢᠵᠤ ᠢᠷᠡᠭᠰᠡᠨ ᠮᠣᠩᠭᠣᠯ ᠤᠨ ᠨᠡᠭᠦᠳᠡᠯᠴᠢᠳ ᠦᠨ ᠠᠬᠤᠢ᠂ ᠰᠤᠶᠤᠯ ᠤᠨ ᠵᠦᠢ ᠲᠣᠭᠲᠠᠯ ᠢ ᠬᠢᠲᠠᠳ ᠤᠨ ᠠᠷᠠᠳ ᠲᠦᠮᠡᠨ ᠳᠦ ᠲᠣᠯᠢᠯᠠᠭᠤᠯᠬᠤ  ︽ᠬᠥᠬᠡ ᠲᠩᠷᠢ ᠶᠢᠨ ᠣᠷᠣᠨ ︾ ᠦᠵᠡᠰᠬᠦᠯᠡᠩ ᠭᠡᠷᠡᠯ ᠵᠢᠷᠤᠭᠴᠢᠨ ᠭ∙ᠭᠠᠩ ᠦᠯᠵᠡᠢ ᠶᠢᠨ ᠪᠦᠲᠦᠭᠡᠯ ᠦᠳ ᠡᠴᠡ ᠪᠦᠷᠢᠳᠴᠡᠢ᠃ ᠮᠣᠩᠭᠣᠯ ᠤᠨ ᠭᠡᠷᠡᠯ ᠵᠢᠷᠤᠭᠴᠢᠳ ᠤᠨ ᠨᠢᠭᠡᠳᠦᠭᠰᠡᠨ ᠬᠣᠯᠪᠣᠭᠠᠨ ᠤ ᠶᠡᠷᠦᠩᠬᠡᠶᠢᠯᠡᠭᠴᠢ ᠼ∙ᠪᠠᠲᠤᠪᠠᠭᠠᠲᠤᠷ ᠦᠵᠡᠰᠬᠦᠯᠡᠩ ᠢ ᠨᠡᠭᠡᠭᠡᠵᠦ ᠦᠭᠡ ᠬᠡᠯᠡᠬᠦ ᠳᠦ ᠪᠡᠨ᠄ ᠭ∙ᠭᠠᠩ ᠦᠯᠵᠡᠢ  ᠶᠢᠨ ᠡᠨᠡᠬᠦ ᠦᠵᠡᠰᠬᠦᠯᠡᠩ 40 ᠵᠢᠷᠤᠭ ᠠᠴᠠ ᠪᠥᠷᠢᠳᠴᠦ ᠪᠠᠶᠢᠭ᠎ᠠ ᠴᠤ ᠳᠥᠷᠪᠡᠨ ᠤᠯᠠᠷᠢᠯ ᠤᠨ ᠥᠩᠭᠡ ᠠᠶᠠᠰ᠂ ᠮᠠᠨ ᠤ ᠠᠷᠠᠳ ᠲᠦᠮᠡᠨ ᠦ ᠡᠷᠲᠡ ᠡᠳᠦᠭᠡ ᠶᠢᠨ ᠪᠦᠬᠦᠢ ᠯᠠ ᠲᠥᠷᠬᠥ ᠶᠢ ᠳᠠᠪᠲᠠᠭᠳᠠᠰᠢ ᠦᠭᠡᠢ ᠰᠣᠳᠣᠨ ᠥᠨᠴᠥᠭ ᠡᠴᠡ ᠠᠪᠴᠤ ᠴᠢᠳᠠᠭᠰᠠᠨ ᠰᠢᠯᠢᠳᠡᠭ ᠪᠦᠲᠦᠭᠡᠯ ᠦᠳ ᠦᠨ ᠴᠣᠭᠴᠠ ᠶᠤᠮ ᠭᠡᠳ ᠲᠤᠰ ᠦᠵᠡᠰᠬᠦᠯᠡᠩ ᠮᠣᠩᠭᠣᠯ ᠣᠷᠣᠨ ᠢᠶᠠᠨ ᠭᠠᠳᠠᠭᠠᠳᠤ ᠳᠤ ᠰᠤᠷᠲᠠᠯᠴᠢᠯᠠᠭᠰᠠᠨ ᠰᠤᠶᠤᠯ ᠤᠨ ᠰᠠᠯᠪᠤᠷᠢ ᠶᠢᠨ ᠴᠢᠬᠤᠯᠠ ᠠᠵᠢᠯ ᠪᠣᠯᠬᠤ ᠶᠢ ᠣᠨᠴᠠᠯᠠᠪᠠ᠃
ᠦᠵᠡᠰᠬᠦᠯᠡᠩ ᠦᠨ ᠨᠡᠭᠡᠭᠡᠯᠲᠡ ᠳᠦ ᠮᠣᠩᠭᠣᠯ ᠤᠯᠤᠰ ᠤᠨ ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠳᠡᠳ᠋ ᠰᠠᠶᠢᠳ ᠭ∙ᠭᠠᠩᠪᠠᠶᠠᠷ᠂ ᠰᠤᠶᠤᠯ ᠤᠷᠠᠯᠢᠭ ᠤᠨ ᠪᠣᠳᠣᠯᠭ᠎ᠠ ᠶᠢᠨ ᠭᠠᠵᠠᠷ ᠤᠨ ᠳᠠᠷᠤᠭ᠎ᠠ ᠪ ∙ ᠰᠡᠷᠭᠦᠯᠡᠩ᠂ ᠬᠢᠲᠠᠳ ᠤᠨ ᠣᠯᠠᠨ ᠤᠯᠤᠰ ᠤᠨ ᠰᠤᠶᠤᠯ ᠤᠨ ᠰᠣᠯᠢᠯᠴᠠᠭᠠᠨ ᠤ ᠲᠥᠪ ᠦᠨ ᠳᠠᠷᠤᠭ᠎ᠠ ᠂ ᠨᠠᠷᠢᠨ ᠪᠢᠴᠢᠭ ᠦᠨ ᠳᠠᠷᠤᠭ᠎ᠠ ᠶᠢᠨ ᠣᠷᠣᠯᠠᠭᠴᠢ ᠨᠠᠷ ᠤᠨ ᠵᠡᠷᠭᠡ ᠬᠦᠨᠳᠦᠲᠦ ᠵᠣᠴᠢᠳ ᠤᠷᠢᠭᠳᠠᠵᠤ᠂ ᠲᠤᠰ ᠤᠯᠤᠰ ᠤᠨ ᠮᠡᠷᠭᠡᠵᠢᠯ ᠦᠨ ᠭᠡᠷᠡᠯ ᠵᠢᠷᠤᠭᠴᠢᠳ ᠢᠷᠡᠭᠰᠡᠨ ᠪᠠᠶᠢᠯ᠎ᠠ᠃

ᠰᠡᠳᠬᠢᠭᠳᠡᠯ ᠦᠯᠡᠳᠡᠭᠡᠬᠦ