ᠶᠡᠷᠦᠩᠬᠡᠶᠢᠯᠡᠭᠴᠢ ᠶᠢᠨ ᠨᠡᠷᠡᠮᠵᠢᠲᠦ ᠲᠡᠳᠬᠦᠯᠭᠡ ᠣᠯᠭᠤᠯ᠎ᠠ  | News.MN

ᠶᠡᠷᠦᠩᠬᠡᠶᠢᠯᠡᠭᠴᠢ ᠶᠢᠨ ᠨᠡᠷᠡᠮᠵᠢᠲᠦ ᠲᠡᠳᠬᠦᠯᠭᠡ ᠣᠯᠭᠤᠯ᠎ᠠ 

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠨᠡᠷᠡᠮᠵᠢᠲᠦ ᠲᠡᠳᠬᠦᠯᠭᠡ ᠶᠢ ᠵᠢᠯ ᠪᠦᠷᠢ ᠶᠢᠨ 5᠂ 12 ᠳ᠋ᠤᠭᠠᠷ ᠰᠠᠷ᠎ᠠ ᠳᠤ ᠣᠯᠭᠣᠬᠤ ᠵᠢᠷᠤᠮ ᠲᠠᠢ᠃ ᠡᠨᠡ ᠳᠠᠭᠠᠤ ᠠᠮᠵᠢᠯᠲᠠᠲᠠᠢ ᠰᠤᠷᠴᠤ ᠬᠥᠳᠡᠯᠮᠦᠷᠢᠯᠡᠨ᠂ ᠦᠯᠢᠭᠡᠷ ᠵᠢᠱᠢᠶ᠎ᠡ ᠣᠨᠴᠠᠭᠠᠢ ᠠᠮᠵᠢᠯᠲᠠ ᠭᠠᠷᠭᠠᠭᠰᠠᠨ ᠪᠠᠺᠯᠠᠸᠠᠷ ᠤᠨ ᠬᠥᠲᠥᠯᠪᠦᠷᠢ ᠶᠢᠨ ᠡᠳᠦᠷ ᠦᠨ ᠠᠩᠬᠢ ᠶᠢᠨ ᠣᠶᠤᠲᠠᠨ᠂ ᠺᠣᠯᠯᠧᠵᠢ᠂ ᠮᠡᠷᠭᠡᠵᠢᠯ ᠦᠨ ᠰᠤᠷᠭᠠᠯᠲᠠ ᠦᠢᠯᠡᠳᠪᠦᠷᠢᠯᠡᠯ ᠦᠨ ᠲᠥᠪ ᠦᠨ 30 ᠰᠤᠷᠤᠯᠴᠠᠭᠴᠢ ᠳᠤ ᠥᠨᠥᠳᠥᠷ ᠲᠡᠳᠬᠦᠯᠭᠡ ᠣᠯᠭᠤᠯ᠎ᠠ᠃ ᠲᠡᠳᠬᠦᠯᠭᠡ ᠣᠯᠭᠣᠬᠤ ᠶᠣᠰᠣᠯᠠᠯ ᠲᠥᠷᠥ ᠶᠢᠨ ᠣᠷᠳᠣᠨ ᠤ ᠶᠣᠰᠣᠯᠠᠯ ᠬᠦᠨᠳᠦᠳᠬᠡᠯ ᠦᠨ ᠲᠠᠩᠬᠢᠮ ᠳᠤ ᠪᠣᠯᠵᠤ᠂ ᠶᠡᠷᠦᠩᠬᠡᠶᠢᠯᠡᠭᠴᠢ ᠶᠢᠨ ᠵᠠᠷᠯᠢᠭ ᠢ ᠤᠩᠰᠢᠵᠤ ᠰᠣᠨᠣᠷᠳᠠᠭᠤᠯᠪᠠ᠃
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠡᠳ᠋ ᠳᠠᠷᠤᠭ᠎ᠠ ᠭ∙  ᠪᠠᠶᠢᠭᠠᠯᠢᠮ᠎ᠠ᠂ ᠶᠡᠷᠦᠩᠬᠡᠶᠢᠯᠡᠭᠴᠢ ᠶᠢᠨ ᠬᠦᠮᠦᠨ ᠦ ᠬᠥᠭᠵᠢᠯ᠂ ᠨᠡᠶᠢᠭᠡᠮ ᠤᠨ ᠪᠣᠳᠣᠯᠭ᠎ᠠ ᠶᠢᠨ ᠵᠥᠪᠯᠡᠬᠦ ᠳ ∙  ᠦᠷᠦᠨᠲᠤᠶᠠᠭ᠎ᠠ ᠨᠠᠷ ᠰᠢᠯᠭᠠᠷᠠᠭᠰᠠᠨ 30 ᠰᠤᠷᠤᠯᠴᠠᠭᠴᠢ ᠳᠤ ᠲᠡᠳᠬᠦᠯᠭᠡ ᠭᠠᠷᠳᠠᠭᠤᠯᠵᠤ᠂ ᠰᠤᠷᠤᠯᠭ᠎ᠠ ᠶᠢᠨ ᠠᠮᠵᠢᠯᠲᠠ ᠬᠦᠰᠡᠯ᠎ᠡ᠃

ᠰᠡᠳᠬᠢᠭᠳᠡᠯ ᠦᠯᠡᠳᠡᠭᠡᠬᠦ