ᠮᠣᠩᠭᠣᠯ ᠶᠤᠨᠧᠰᠺᠤ ᠶᠢᠨ ᠳᠡᠳ᠋ ᠶᠡᠷᠦᠩᠬᠡᠶᠢᠯᠡᠭᠴᠢ ᠪᠡᠷ ᠰᠣᠩᠭᠣᠭᠳᠠᠵᠠᠢ  | News.MN

ᠮᠣᠩᠭᠣᠯ ᠶᠤᠨᠧᠰᠺᠤ ᠶᠢᠨ ᠳᠡᠳ᠋ ᠶᠡᠷᠦᠩᠬᠡᠶᠢᠯᠡᠭᠴᠢ ᠪᠡᠷ ᠰᠣᠩᠭᠣᠭᠳᠠᠵᠠᠢ 

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠪᠣᠯᠪᠠᠰᠤᠷᠠᠯ᠂ ᠰᠢᠨᠵᠢᠯᠡᠬᠦ ᠤᠬᠠᠭᠠᠨ᠂ ᠰᠤᠶᠤᠯ ᠤᠨ ᠪᠠᠶᠢᠭᠤᠯᠤᠯᠭ᠎ᠠ ᠪᠤᠶᠤ ᠶᠤᠨᠧᠰᠺᠤ ᠶᠢᠨ ᠶᠡᠷᠦᠩᠬᠡᠢ ᠪᠠᠭ᠎ᠠ ᠬᠤᠷᠠᠯ ᠤᠨ 40 ᠳ᠋ᠤᠭᠡᠷ ᠴᠢᠭᠤᠯᠭᠠᠨ ᠡᠨᠡ ᠣᠨ ᠤ 11  ᠳ᠋ᠤᠭᠡᠷ ᠰᠠᠷ᠎ᠠ ᠶᠢᠨ ᠰᠡᠭᠦᠯᠴᠢ ᠪᠡᠷ ᠫᠠᠷᠢᠰ ᠬᠤᠲᠠ ᠳᠤ ᠬᠤᠷᠠᠯᠳᠤᠪᠠ᠃ ᠴᠢᠭᠤᠯᠭᠠᠨ ᠤ ᠦᠶ᠎ᠡ ᠪᠡᠷ  ᠶᠤᠨᠧᠰᠺᠤ ᠶᠢᠨ ︽ᠨᠡᠶᠢᠭᠡᠮ ᠤᠨ ᠥᠭᠡᠷᠡᠴᠢᠯᠡᠯᠲᠡ ᠶᠢᠨ ᠤᠳᠤᠷᠢᠳᠤᠯᠭ᠎ᠠ︾ ᠬᠥᠲᠥᠯᠪᠦᠷᠢ ᠶᠢᠨ ᠵᠠᠰᠠᠭ ᠤᠨ ᠭᠠᠵᠠᠷ ᠬᠣᠭᠣᠷᠣᠨᠳᠣ ᠶᠢᠨ ᠵᠥᠪᠯᠡᠯ ᠦᠨ ᠰᠣᠩᠭᠣᠭᠤᠯᠢ ᠶᠠᠪᠤᠭᠳᠠᠭᠰᠠᠨ ᠪᠥᠭᠡᠳ ᠮᠣᠩᠭᠣᠯ ᠤᠯᠤᠰ ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠪᠦᠯᠦᠭ ᠲᠦ ᠨᠡᠷ᠎ᠡ ᠳᠡᠪᠰᠢᠵᠦ ᠪᠸᠩᠭᠠᠯ ᠂ ᠲᠠᠶᠢᠯᠠᠨᠳ᠋ ᠤᠯᠤᠰ ᠤᠳ ᠤᠨ ᠬᠠᠮᠲᠤ ᠪᠠᠷ ᠭᠡᠰᠢᠭᠦᠨ ᠢᠶᠡᠷ ᠰᠣᠩᠭᠣᠭᠳᠠᠭᠰᠠᠨ ᠪᠠᠶᠢᠨ᠎ᠠ᠃
ᠳᠠᠷᠠᠭ᠎ᠠ ᠨᠢ ᠶᠤᠨᠧᠰᠺᠤ ᠶᠢᠨ ︽ᠨᠡᠶᠢᠭᠡᠮ ᠤᠨ ᠥᠭᠡᠷᠡᠴᠢᠯᠡᠯᠲᠡ ᠶᠢᠨ ᠤᠳᠤᠷᠢᠳᠤᠯᠭ᠎ᠠ︾ ᠬᠥᠲᠥᠯᠪᠦᠷᠢ ᠶᠢᠨ ᠵᠠᠰᠠᠭ ᠤᠨ ᠭᠠᠵᠠᠷ ᠬᠣᠭᠣᠷᠣᠨᠳᠣ ᠶᠢᠨ ᠵᠥᠪᠯᠡᠯ ᠦᠨ ᠭᠡᠰᠢᠭᠦᠳ ᠡᠴᠡ ᠤᠭ ᠵᠥᠪᠯᠡᠯ ᠦᠨ ᠶᠡᠷᠦᠩᠬᠡᠶᠢᠯᠡᠭᠴᠢ ᠪᠣᠯᠤᠨ ᠳᠥᠷᠪᠡᠨ ᠳᠡᠳ᠋ ᠶᠡᠷᠦᠩᠬᠡᠶᠢᠯᠡᠭᠴᠢ ᠶᠢ ᠰᠤᠩᠭᠤᠬᠤ ᠡᠭᠡᠯᠵᠢᠲᠦ ᠪᠤᠰᠤ ᠬᠤᠷᠠᠯᠳᠤᠭᠠᠨ ᠪᠣᠯᠵᠤ᠂ ᠮᠣᠩᠭᠣᠯ ᠤᠯᠤᠰ ᠳᠡᠳ᠋ ᠶᠡᠷᠦᠩᠬᠡᠶᠢᠯᠡᠭᠴᠢ ᠪᠡᠷ ᠰᠣᠩᠭᠣᠭᠳᠠᠵᠠᠢ᠃ ᠮᠣᠩᠭᠣᠯ ᠤᠯᠤᠰ 1996-1998᠂ 2001᠂ 2006-2007᠂ 2015᠂ 2017 ᠣᠨ ᠨᠤᠭᠤᠳ ᠲᠤ ᠲᠥᠰᠥᠯ᠂ ᠬᠥᠲᠥᠯᠪᠦᠷᠢ ᠬᠡᠷᠡᠭᠵᠢᠭᠦᠯᠵᠦ ᠪᠠᠶᠢᠭᠰᠠᠨ ᠪᠠ 2019 ᠣᠨ ᠳᠤ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ᠂ ᠰᠢᠨᠵᠢᠯᠡᠬᠦ ᠤᠬᠠᠭᠠᠨ ᠤ ᠠᠺᠠᠳᠧᠮᠢ ᠪᠣᠯᠤᠨ ᠶᠤᠨᠧᠰᠺᠤ ᠶᠢᠨ  ᠮᠣᠩᠭᠣᠯ ᠤᠨ ᠦᠨᠳᠦᠰᠦᠨ ᠦ ᠺᠣᠮᠢᠰ ᠬᠠᠮᠲᠤᠷᠠᠨ ︽ᠨᠡᠶᠢᠭᠡᠮ ᠤᠨ ᠲᠡᠭᠰᠢ ᠪᠤᠰᠤ ᠪᠠᠶᠢᠳᠠᠯ ᠢ ᠪᠠᠭᠤᠷᠠᠭᠤᠯᠬᠤ ᠨᠢ᠄ ᠮᠡᠳᠡᠯᠭᠡ ᠡᠴᠡ ᠲᠥᠷᠥ ᠶᠢᠨ ᠪᠣᠳᠣᠯᠭ᠎ᠠ ᠳᠤ︾ ᠰᠧᠮᠢᠨᠠᠷ ᠢ ᠤᠯᠠᠭᠠᠨᠪᠠᠭᠠᠲᠤᠷ ᠬᠤᠲᠠ ᠳᠤ ᠵᠣᠬᠢᠶᠠᠨ ᠪᠠᠶᠢᠭᠤᠯᠤᠭᠰᠠᠨ ᠶᠤᠮ᠃   ︽ᠨᠡᠶᠢᠭᠡᠮ ᠤᠨ ᠥᠭᠡᠷᠡᠴᠢᠯᠡᠯᠲᠡ ᠶᠢᠨ ᠤᠳᠤᠷᠢᠳᠤᠯᠭ᠎ᠠ︾ ᠬᠥᠲᠥᠯᠪᠦᠷᠢ ᠶᠢᠨ ᠵᠠᠰᠠᠭ ᠤᠨ ᠭᠠᠵᠠᠷ ᠬᠣᠭᠣᠷᠣᠨᠳᠣ ᠶᠢᠨ ᠵᠥᠪᠯᠡᠯ ᠦᠨ ᠰᠣᠩᠭᠣᠭᠤᠯᠢ ᠳᠤ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠨᠡᠶᠢᠭᠡᠮ ᠤᠨ ᠪᠣᠳᠣᠯᠭ᠎ᠠ ᠶᠢᠨ ᠵᠥᠪᠯᠡᠬᠦ᠂ ᠮᠣᠩᠭᠣᠯ ᠤᠨ ᠦᠨᠳᠦᠰᠦᠨ ᠦ ᠬᠣᠷᠢᠶᠠᠨ ᠤ ᠳᠠᠷᠤᠭ᠎ᠠ᠂ ᠳ᠋ᠣᠺᠲ᠋ᠣᠷ᠂ ᠫᠷᠣᠹᠧᠰᠰᠣᠷ ᠳ ∙ ᠪᠠᠳᠢᠷᠴᠢ ᠮᠣᠩᠭᠣᠯ ᠤᠯᠤᠰ ᠢ ᠲᠥᠯᠥᠭᠡᠯᠡᠨ ᠣᠷᠣᠯᠴᠠᠵᠠᠢ᠃

ᠰᠡᠳᠬᠢᠭᠳᠡᠯ ᠦᠯᠡᠳᠡᠭᠡᠬᠦ