ᠤ᠊∙ᠬᠦᠷᠡᠯᠰᠦ᠋ᠬᠡ ᠣᠷᠣᠰ ᠤᠨ ᠶᠡᠷᠦᠩᠬᠡᠶᠢᠯᠡᠭᠴᠢ ᠳᠦ ᠪᠠᠷᠠᠭᠠᠯᠬᠠᠨ᠎ᠠ  | News.MN

ᠤ᠊∙ᠬᠦᠷᠡᠯᠰᠦ᠋ᠬᠡ ᠣᠷᠣᠰ ᠤᠨ ᠶᠡᠷᠦᠩᠬᠡᠶᠢᠯᠡᠭᠴᠢ ᠳᠦ ᠪᠠᠷᠠᠭᠠᠯᠬᠠᠨ᠎ᠠ 

ᠶᠡᠷᠦᠩᠬᠡᠢ ᠰᠠᠶᠢᠳ ᠤ᠊∙ᠬᠦᠷᠡᠯᠰᠦ᠋ᠬᠡ ᠶᠢᠨ ᠣᠷᠣᠰ ᠲᠤ ᠬᠢᠵᠦ ᠪᠤᠢ ᠲᠥᠷᠥ ᠶᠢᠨ ᠠᠶᠢᠯᠴᠢᠯᠠᠯ ᠭᠤᠷᠪᠠ  ᠳ᠋ᠡᠬᠢ ᠡᠳᠦᠷ ᠢᠶᠡᠨ ᠦᠷᠭᠦᠯᠵᠢᠯᠡᠵᠦ ᠪᠠᠶᠢᠨ᠎ᠠ᠃ ᠬᠤᠶᠢᠳᠤ ᠬᠥᠷᠰᠢ ᠲᠡᠢ ᠰᠲᠷᠠᠲ᠋ᠧᠭᠢ ᠶᠢᠨ ᠲᠦᠩᠰᠢᠯᠡᠯ ᠢᠶᠡᠨ  ᠱᠠᠲᠤ ᠠᠬᠢᠭᠤᠯᠤᠭᠰᠠᠨ ᠤ ᠳᠠᠷᠠᠭ᠎ᠠ ᠬᠢᠵᠦ ᠪᠤᠢ ᠡᠨᠡ ᠠᠶᠢᠯᠴᠢᠯᠠᠯ ᠤᠨ ᠦᠶ᠎ᠡ ᠪᠡᠷ ᠬᠣᠶᠠᠷ ᠣᠷᠣᠨ ᠤ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠬᠦ᠂ ᠬᠠᠷᠢᠯᠴᠠᠨ ᠬᠤᠳᠠᠯᠳᠤᠭᠠᠨ ᠤ ᠡᠷᠭᠢᠯᠲᠡ ᠶᠢ ᠨᠡᠮᠡᠭᠳᠡᠭᠦᠯᠬᠦ ᠨᠢ ᠴᠢᠬᠤᠯᠠ ᠪᠣᠯᠬᠤ ᠶᠢ ᠶᠡᠷᠦᠩᠬᠡᠢ ᠰᠠᠶᠢᠳ ᠠᠭᠤᠯᠵᠠᠯᠲᠠ ᠨᠤᠭᠤᠳ ᠲᠠᠭᠠᠨ ᠣᠨᠴᠠᠯᠠᠵᠤ ᠪᠠᠶᠢᠨ᠎ᠠ᠃

ᠠᠶᠢᠯᠴᠢᠯᠠᠯ ᠢᠶᠠᠷ ᠶᠡᠷᠦᠩᠬᠡᠢ ᠰᠠᠶᠢᠳ ᠶᠢᠨ ᠳᠡᠪᠰᠢᠭᠦᠯᠵᠦ ᠪᠤᠢ ᠪᠠᠰᠠ ᠨᠢᠭᠡ ᠭᠣᠣᠯ ᠠᠰᠠᠭᠤᠳᠠᠯ ᠨᠢ ᠣᠷᠣᠰ ᠬᠢᠲᠠᠳ ᠢ ᠬᠣᠯᠪᠣᠭᠰᠠᠨ ᠬᠡᠢ ᠶᠢᠨ ᠬᠣᠭᠣᠯᠠᠢ ᠶᠢ ᠮᠣᠩᠭᠣᠯ  ᠢᠶᠠᠷ ᠳᠠᠮᠵᠢᠭᠤᠯᠤᠨ ᠥᠩᠭᠡᠷᠡᠭᠦᠯᠬᠦ ᠪᠣᠳᠠᠲᠤ ᠪᠣᠯᠤᠮᠵᠢ ᠪᠠᠶᠢᠭ᠎ᠠ ᠶᠢ ᠣᠷᠣᠰ ᠤᠨ ᠵᠠᠰᠠᠭ ᠤᠨ ᠭᠠᠵᠠᠷ ᠤᠨ ᠲᠡᠷᠢᠭᠦᠨ ᠳ∙ᠠ᠊∙ᠮᠸᠳ᠋ᠸᠸᠳ᠋ᠸᠪ ᠲᠡᠢ ᠬᠢᠭᠰᠡᠨ ᠭᠠᠭᠴᠠᠭᠠᠷᠴᠢᠯᠠᠭᠰᠠᠨ ᠠᠭᠤᠯᠵᠠᠯᠲᠠ ᠪᠣᠯᠤᠨ ᠬᠡᠯᠡᠯᠴᠡᠭᠡᠨ ᠦ ᠦᠶ᠎ᠡ ᠪᠡᠷ ᠰᠠᠨᠠᠯ ᠪᠣᠯᠭᠠᠭᠰᠠᠨ ᠶᠤᠮ᠃ ᠶᠡᠷᠦᠩᠬᠡᠢ ᠰᠠᠶᠢᠳ ᠳ∙ᠠ᠊∙ᠮᠸᠳ᠋ᠸᠸᠳ᠋ᠸᠪ ᠬᠡᠢ ᠶᠢᠨ ᠬᠣᠭᠣᠯᠠᠢ ᠶᠢ ᠮᠣᠩᠭᠣᠯ  ᠢᠶᠡᠷ ᠳᠠᠮᠵᠢᠭᠤᠯᠬᠤ ᠰᠠᠨᠠᠯ ᠢ ᠳᠡᠮᠵᠢᠵᠦ ᠪᠤᠢ  ᠪᠠᠨ ᠢᠯᠡᠷᠬᠡᠶᠢᠯᠡᠭᠰᠡᠨ᠃ ᠤ᠊∙ᠬᠦᠷᠦᠯᠰᠦ᠋ᠬᠡ ᠥᠨᠥᠳᠥᠷ ᠰᠣᠴᠢ ᠬᠤᠲᠠ ᠳᠤ ᠣᠴᠢᠵᠤ᠂ ᠣᠷᠣᠰ ᠤᠨ ᠶᠡᠷᠦᠩᠬᠡᠶᠢᠯᠡᠭᠴᠢ ᠫᠦᠲ᠋ᠢᠨ ᠳᠦ ᠪᠠᠷᠠᠭᠠᠯᠬᠠᠨ᠎ᠠ᠃ ᠠᠭᠤᠯᠵᠠᠯᠲᠠ ᠪᠠᠷ ᠶᠡᠷᠦᠩᠬᠡᠢ ᠰᠠᠶᠢᠳ ᠤᠨ ᠳᠡᠪᠰᠢᠭᠦᠯᠦᠨ ᠲᠠᠯᠪᠢᠬᠤ ᠭᠣᠣᠯ ᠵᠦᠢᠯ ᠨᠢ ᠬᠡᠢ ᠶᠢᠨ ᠬᠣᠭᠣᠯᠠᠢ ᠶᠢ ᠮᠣᠩᠭᠣᠯ ᠤᠨ ᠨᠤᠲᠤᠭ ᠢᠶᠠᠷ ᠳᠠᠮᠵᠢᠭᠤᠯᠬᠤ ᠲᠤᠬᠠᠢ ᠠᠰᠠᠭᠤᠳᠠᠯ ᠪᠠᠶᠢᠬᠤ ᠶᠤᠮ᠃

ᠰᠡᠳᠬᠢᠭᠳᠡᠯ ᠦᠯᠡᠳᠡᠭᠡᠬᠦ