ᠼᠢᠷᠺ ᠦᠨ ᠰᠤᠷᠭᠠᠭᠤᠯᠢ ᠳᠤ ᠣᠶᠤᠲᠠᠨ  ᠢ ᠰᠤᠷᠭᠠᠨ᠎ᠠ  | News.MN

ᠼᠢᠷᠺ ᠦᠨ ᠰᠤᠷᠭᠠᠭᠤᠯᠢ ᠳᠤ ᠣᠶᠤᠲᠠᠨ  ᠢ ᠰᠤᠷᠭᠠᠨ᠎ᠠ 

ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠰᠫᠣᠷᠲ ᠤᠨ ᠶᠠᠮᠤᠨ ᠤ ᠰᠠᠶᠢᠳ ᠶᠣ᠊∙ᠪᠠᠭᠠᠲᠤᠷᠪᠢᠯᠢᠭ᠌ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠬᠢᠵᠦ ᠪᠤᠢ ᠠᠶᠢᠯᠴᠢᠯᠠᠯ ᠤᠨ ᠬᠦᠷᠢᠶᠡᠨ ᠳᠦ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠰᠤᠶᠤᠯ ᠠᠶᠠᠯᠠᠯ ᠵᠢᠭᠤᠯᠴᠢᠯᠠᠯ ᠤᠨ ᠶᠠᠮᠤᠨ ᠤ ᠰᠠᠶᠢᠳ ᠯᠦᠸ᠋ᠸ ᠱᠤᠸᠠᠩ ᠲᠠᠢ ᠠᠭᠤᠯᠵᠠᠯᠲᠠ ᠬᠢᠪᠡ᠃ ᠶᠣ᠊∙ᠪᠠᠭᠠᠲᠤᠷᠪᠢᠯᠢᠭ᠌ ᠠᠭᠤᠯᠵᠠᠯᠲᠠ ᠶᠢᠨ ᠬᠦᠷᠢᠶᠡᠨ ᠳᠦ ︽ᠮᠣᠩᠭᠣᠯ ᠤᠨ ᠰᠤᠶᠤᠯ ᠤᠨ ᠡᠳᠦᠷ ᠦᠳ︾ ᠢ ᠪᠡᠭᠡᠵᠢᠩ  ᠬᠤᠲᠠ ᠳᠤ ᠵᠣᠬᠢᠶᠠᠨ ᠪᠠᠶᠢᠭᠤᠯᠬᠤ ᠳᠤ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠭᠰᠠᠨ ᠳᠤ ᠲᠠᠯᠠᠷᠬᠠᠯ ᠢᠯᠡᠷᠬᠡᠶᠢᠯᠡᠪᠡ᠃ ᠰᠠᠶᠢᠳ ᠨᠠᠷ ᠮᠣᠩᠭᠣᠯ ᠂ ᠬᠢᠲᠠᠳ ᠤᠨ ᠰᠤᠶᠤᠯ ᠤᠷᠠᠯᠢᠭ ᠤᠨ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠨ ᠳᠠᠷᠠᠭᠠᠬᠢ ᠠᠰᠠᠭᠤᠳᠠᠯ ᠢᠶᠠᠷ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃
• ᠪᠡᠭᠡᠵᠢᠩ ᠬᠣᠲᠠ ᠶᠢᠨ ᠣᠯᠠᠨ ᠤᠯᠤᠰ ᠤᠨ ᠼᠢᠷᠺ ᠦᠨ ᠰᠤᠷᠭᠠᠭᠤᠯᠢ ᠳᠤ 15-20 ᠣᠶᠤᠲᠠᠨ ᠢ ᠠᠺᠷᠤᠪᠠᠲᠴᠢᠨ ᠮᠡᠷᠭᠡᠵᠢᠯ ᠢᠶᠡᠷ ᠰᠤᠷᠤᠯᠴᠠᠭᠤᠯᠬᠤ
• ᠰᠤᠶᠤᠯ ᠤᠨ ᠥᠪ ᠢ ᠬᠠᠮᠠᠭᠠᠯᠠᠬᠤ᠂ ᠰᠡᠷᠭᠦᠭᠡᠨ ᠵᠠᠰᠠᠪᠤᠷᠢᠯᠠᠬᠤ ᠪᠣᠯᠤᠨ ᠰᠤᠶᠤᠯ ᠤᠨ ᠥᠪ ᠦᠨ ᠬᠠᠤᠯᠢ ᠪᠤᠰᠤ ᠮᠠᠶᠢᠮᠠᠢ ᠲᠠᠢ ᠲᠡᠮᠡᠴᠡᠬᠦ ᠴᠢᠭᠯᠡᠯ ᠢᠶᠡᠷ ᠬᠠᠮᠲᠤᠷᠠᠨ ᠠᠵᠢᠯᠯᠠᠬᠤ᠂ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠪᠠᠶᠢᠭᠤᠯᠬᠤ
• ᠬᠣᠶᠠᠷ ᠣᠷᠣᠨ ᠤ ᠰᠤᠶᠤᠯ ᠤᠷᠠᠯᠢᠭ ᠤᠨ ᠰᠠᠯᠪᠤᠷᠢ ᠶᠢᠨ ᠲᠠᠯᠠᠭᠠᠷᠬᠢ ᠠᠰᠠᠭᠤᠳᠠᠯ ᠢᠶᠠᠷ ᠵᠥᠪᠯᠡᠯᠳᠦᠨ ᠰᠢᠢᠳᠪᠦᠷᠢᠯᠡᠬᠦ ᠵᠣᠷᠢᠯᠭ᠎ᠠ ᠲᠠᠢ ︽ᠰᠤᠶᠤᠯ ᠤᠨ ᠹᠣᠷᠣᠮ︾ ᠍ ᠢ 2020 ᠣᠨ ᠠᠴᠠ ᠬᠠᠷᠢᠯᠴᠠᠨ ᠵᠣᠬᠢᠶᠠᠨ ᠪᠠᠶᠢᠭᠤᠯᠤᠨ᠎ᠠ᠃

ᠰᠡᠳᠬᠢᠭᠳᠡᠯ ᠦᠯᠡᠳᠡᠭᠡᠬᠦ